2026-11-20 11:29:22



ᠨᠡᠢᠭᠡᠮ
✦ 《2026 ᠣᠨ᠎ᠤ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠤᠨ ᠱᠧᠨᠵᠧᠨ᠎ᠳᠡᠬᠢ ᠰᠠᠨᠠᠭᠠᠴᠢᠯᠠᠭ᠎ᠠ》ᠵᠢ 18᠎ᠤ ᠡᠳᠦᠷ ᠨᠡᠢᠲᠡᠯᠡᠪᠡ᠃ ᠡᠨᠡ ᠪᠣᠯ APEC ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠢ ᠡᠭᠦᠰᠬᠡᠨ ᠪᠠᠢᠭᠤᠯᠤᠭᠰᠠᠨ 30 ᠵᠢᠯ᠎ᠦᠨ ᠲᠤᠷᠰᠢ ᠠᠩᠬ᠎ᠠ ᠤᠳᠠᠭ᠎ᠠ ᠰᠠᠨᠠᠭᠠᠴᠢᠯᠠᠭ᠎ᠠ᠎ᠶᠢᠨ ᠬᠡᠯᠪᠡᠷᠢ᠎ᠪᠡᠷ ᠦᠷ᠎ᠡ ᠪᠦᠲᠦᠭᠡᠯ᠎ᠦᠨ ᠪᠢᠴᠢᠭ ᠮᠠᠲᠧᠷᠢᠶᠠᠯ ᠨᠡᠢᠲᠡᠯᠡᠵᠦ ᠪᠠᠢᠭ᠎ᠠ ᠶᠠᠪᠤᠳᠠᠯ ᠪᠣᠯᠣᠨ᠎ᠠ᠃
✦ ᠵᠢᠱ᠌ᠢᠯᠲᠡ᠎ᠪᠡᠷ 2026 ᠣᠨ᠎ᠤ 12 ᠰᠠᠷ᠎ᠠ᠎ᠡᠴᠡ 2027 ᠣᠨ᠎ᠤ 2 ᠰᠠᠷ᠎ᠠ ᠪᠣᠯᠲᠠᠯ᠎ᠠ᠂ ᠮᠠᠨ᠎ᠤ ᠤᠯᠤᠰ᠎ᠢ ᠬᠦᠢᠲᠡᠨ ᠤᠷᠤᠰᠬᠠᠯ ᠨᠥᠯᠥᠭᠡᠯᠡᠬᠦ ᠤᠳᠠᠭ᠎ᠠ ᠨᠡᠯᠢᠶᠡᠳ ᠣᠯᠠᠨ ᠪᠠᠢᠬᠤ ᠪᠤᠯᠤᠯᠴᠠᠭ᠎ᠠ ᠲᠠᠢ᠃ ᠤᠯᠤᠰ᠎ᠤᠨ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠵᠤ ᠭᠠᠮᠰᠢᠭ᠋᠎ᠠᠴᠠ ᠠᠪᠤᠷᠠᠬᠤ ᠵᠥᠪᠯᠡᠯ᠎ᠦᠨ ᠠᠯᠪᠠᠨ ᠭᠡᠷ ᠮᠡᠳᠡᠭᠳᠡᠯ ᠨᠡᠢᠲᠡᠯᠡᠵᠦ᠂ 2026 ᠣᠨ᠎ᠤ ᠡᠪᠦᠯ᠎ᠦᠨ ᠤᠯᠠᠷᠢᠯ᠎ᠤᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ᠎ᠦᠨ ᠭᠠᠮᠰᠢᠭ᠋᠎ᠢ ᠰᠡᠷᠭᠡᠢᠯᠡᠨ ᠠᠷᠭᠠᠴᠠᠭᠠᠬᠤ ᠠᠵᠢᠯ᠎ᠢ ᠰᠠᠢᠲᠤᠷ ᠬᠢᠬᠦ ᠲᠤᠬᠠᠢ ᠪᠠᠢᠷᠢᠯᠠᠭᠤᠯᠪᠠ᠃
✦ ᠳᠤᠮᠳᠠᠳᠤ ᠤᠯᠤᠰ᠎ᠤᠨ ᠰᠢᠤᠳᠠᠨ 18᠎ᠤ ᠡᠳᠦᠷ《ᠠᠽᠢᠶ᠎ᠠ ᠲᠢᠪ ᠨᠣᠮᠣᠬᠠᠨ ᠳᠠᠯᠠᠶ᠎ᠶᠢᠨ ᠡᠣᠷᠣᠠᠤ ᠠ᠋ᠠᠵᠤ ᠠ᠋ᠠᠬᠣᠢ ᠵᠢᠠ ᠬᠠᠮᠲᠤᠷᠠᠯᠴᠠᠭᠠᠨᠪ ᠵᠣᠬᠢᠶᠠᠨ ᠪᠠᠢᠭᠤᠯᠤᠯᠲᠠ᠎ᠶᠢᠨ ᠡᠣᠳᠣᠷᠢᠣᠠᠬᠤ ᠬᠥᠮᠦᠰ᠎ᠦᠨ ᠭᠤᠴᠢᠨ ᠭᠤᠷᠪᠠᠳᠤᠭᠠᠷ ᠤᠳᠠᠭᠠᠨ ᠤ᠋ ᠠ᠋ᠠᠯᠪᠠᠠ ᠶᠣᠰᠣᠨ᠎ᠤ ᠪᠤᠰᠤ ᠬᠤᠷᠠᠯ》᠎ᠤᠨ ᠳᠤᠷᠠᠰᠬᠠᠯ᠎ᠤᠨ ᠰᠢᠤᠳᠠᠨ ᠲᠡᠮᠳᠡᠭ᠎ᠢ ᠨᠢᠭᠡ ᠢᠵᠢ ᠲᠠᠷᠬᠠᠭᠠᠬᠤ᠎ᠪᠠᠷ ᠪᠤᠢ᠃
✦ ᠤᠢᠷ᠎ᠠ᠎ᠳᠦ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ ᠬᠥᠬᠡᠮᠥ᠋ᠷᠡᠨ᠎ᠦ ᠪᠣᠯᠪᠠᠰᠤᠨ᠎ᠤ ᠡᠬᠢ ᠡᠭᠦᠰᠦᠯ᠎ᠦᠨ ᠲᠤᠬᠠᠢ ᠬᠠᠭᠤᠴᠢ ᠰᠤᠳᠤᠯᠤᠯ᠎ᠤᠨ ᠬᠠᠮᠤᠭ᠎ᠤᠨ ᠰᠢᠨ᠎ᠡ 4 ᠦᠷ᠎ᠡ ᠪᠦᠲᠦᠭᠡᠯ᠎ᠢ ᠨᠡᠢᠲᠡᠯᠡᠪᠡ᠃
✦ ᠳᠡᠯᠡᠬᠡᠢ᠎ᠶᠢᠨ ᠮᠡᠳᠡᠯᠭᠡ᠎ᠶᠢᠨ ᠥᠮᠴᠢᠯᠡᠬᠦ ᠡᠷᠬᠡ᠎ᠶᠢᠨ ᠵᠣᠬᠢᠶᠠᠨ ᠪᠠᠢᠭᠤᠯᠤᠯᠲᠠ᠎ᠶᠢᠨ ᠮᠡᠳᠡᠭᠦᠯᠦᠯᠲᠡ᠎ᠳᠦ ᠢᠯᠡᠷᠡᠭᠦᠯᠦᠭᠰᠡᠨ᠎ᠢᠶᠡᠷ᠂ 2025 ᠣᠨ᠎ᠳᠤ ᠪᠥᠬᠥ ᠳᠡᠯᠡᠬᠡᠢ᠎ᠶᠢᠨ ᠰᠢᠨ᠎ᠡ᠎ᠶᠢ ᠡᠭᠦᠳᠦᠭᠴᠢᠳ 390 ᠲᠦᠮᠡᠨ ᠬᠤᠪᠢ ᠲᠤᠰᠬᠠᠢ ᠠᠰᠢᠭ᠋᠎ᠤᠨ ᠭᠤᠶᠤᠴᠢᠯᠠᠯ ᠳᠡᠪᠰᠢᠭᠦᠯᠵᠡᠢ᠂ ᠡᠭᠦᠨ᠎ᠳᠦ ᠳᠤᠮᠳᠠᠳᠤ ᠤᠯᠤᠰ᠎ᠤᠨ ᠭᠤᠶᠤᠴᠢᠯᠠᠭᠰᠠᠨ ᠲᠤᠰᠬᠠᠢ ᠠᠰᠢᠭ᠋᠎ᠤᠨ ᠬᠡᠮᠵᠢᠶ᠎ᠡ ᠨᠢ ᠪᠥᠬᠥ ᠳᠡᠯᠡᠬᠡᠢ᠎ᠳᠦ ᠲᠦᠷᠦᠭᠦᠯᠡᠪᠡ᠃
✦ ᠣᠢᠷ᠎ᠠ᠎ᠳᠤ ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠬᠣᠲᠠ᠎ᠶᠢᠨ ᠭᠡᠰᠡᠭ ᠲᠣᠭᠣᠷᠢᠭ᠋ ᠨᠢ 《ᠪᠤᠳᠤᠯᠳᠠ ᠵᠢᠨ ᠦᠢᠯᠡᠴᠢᠯᠡᠭᠡ᠎ᠶᠢᠨ ᠨᠢᠭᠡ ᠲᠥᠷᠥᠯ᠎ᠦᠨ ᠶᠠᠪᠤᠳᠠᠯ》᠎ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠬᠢᠵᠦ᠂ ᠣᠯᠠᠨ ᠰᠠᠯᠠᠭ᠎ᠠ ᠮᠥᠴᠢᠷ᠎ᠦᠨ ᠪᠤᠳᠤᠯᠲᠠ᠎ᠵᠢᠨ ᠠᠵᠢᠯ ᠦᠢᠯᠡᠰ᠎ᠤᠨ ᠲᠥᠷᠥᠯ ᠵᠦᠢᠯ᠎ᠢ ᠬᠢᠨᠠᠨ ᠵᠥᠪᠰᠢᠶᠡᠷᠡᠬᠦ᠎ᠶᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠵᠢ ᠭᠦᠢᠴᠡᠳᠬᠡᠬᠦ ᠪᠢᠲᠡᠭᠦᠦ ᠬᠡᠯᠬᠢᠶᠡᠪᠤᠯᠭᠠᠨ ᠪᠦᠷᠢᠯᠳᠦᠭᠦᠯᠪᠡ᠃ ᠪᠤᠳᠤᠯᠲᠠ ᠵᠢᠨ ᠬᠦᠴᠦᠨ᠎ᠦ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠭᠠᠷ ᠭᠦᠢᠴᠡᠳᠬᠡᠯ᠎ᠢ ᠳᠤᠮᠳᠠᠴᠢ᠎ᠪᠠᠷ ᠭᠦᠢᠴᠡᠳᠬᠡᠬᠦ ᠴᠠᠭ᠎ᠢ ᠤᠤᠯ᠎ᠤᠨ 90 ᠡᠳᠦᠷ ᠪᠠᠢᠭᠰᠠᠨ᠎ᠠᠴᠠ 30 ᠡᠳᠦᠷ᠎ᠦᠨ ᠳᠣᠲᠣᠷ᠎ᠠ ᠪᠣᠯᠭᠠᠨ ᠪᠣᠭᠣᠨᠢᠰᠬᠠᠵᠤ᠂ ᠭᠤᠶᠤᠴᠢᠯᠠᠨ ᠮᠡᠳᠡᠭᠦᠯᠬᠦ ᠮᠠᠲᠧᠷᠢᠶᠠᠯ᠎ᠢ ᠲᠤᠰᠢᠶᠠᠬᠤ ᠲᠣᠭ᠎ᠠ ᠬᠡᠮᠵᠢᠶ᠎ᠡ᠎ᠶᠢ 50% ᠰᠢᠬᠠᠮ᠎ᠢᠶᠠᠷ ᠪᠠᠭᠠᠰᠬᠠᠬᠤ᠎ᠪᠡᠷ ᠪᠤᠯᠪᠠ᠃
✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠲᠦᠷᠦᠭᠦᠬᠡᠨ ᠭᠤᠷᠪᠠᠳᠤᠭᠠᠷ ᠪᠦᠯᠦᠭ᠎ᠦᠨ ᠭᠣᠣᠯᠳᠠᠯᠭ᠎ᠠ᠎ᠲᠠᠢ ᠪᠣᠢᠵᠢᠭᠤᠯᠬᠤ ᠳᠤᠮᠳᠠᠳᠤ ᠤᠯᠤᠰ᠎ᠤᠨ ᠲᠤᠷᠰᠢᠯᠲᠠ᠎ᠶᠢᠨ ᠲᠠᠪᠴᠠᠩ᠎ᠤᠨ ᠠᠩᠬ᠎ᠠ ᠠᠯᠬᠤᠮ᠎ᠤᠨ ᠨᠡᠷᠡᠰ᠎ᠢ ᠵᠠᠷᠯᠠᠨ ᠨᠡᠢᠲᠡᠯᠡᠵᠦ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠨᠡᠢᠯᠡᠮᠡᠯ ᠠᠮᠢᠳᠤ ᠪᠣᠳᠠᠰ ᠬᠢᠭᠡᠳ ᠢᠰᠬᠡᠬᠦ ᠢᠨᠵᠧᠨᠧᠷᠢᠩ᠎ᠦᠨ ᠳᠤᠮᠳᠠᠳᠤ ᠤᠯᠤᠰ᠎ᠤᠨ ᠲᠤᠷᠰᠢᠯᠲᠠ᠎ᠶᠢᠨ ᠲᠠᠪᠴᠠᠩ᠂ ᠴᠢᠩ ᠶᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ (ᠥᠪᠥᠷ ᠮᠣᠩᠭᠣᠯ) ᠬᠢᠵᠠᠭᠠᠷᠲᠤ ᠺᠣᠮᠫᠠᠨᠢ᠎ᠶᠢᠨ ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠤᠰᠤᠲᠥ᠋ᠷᠥᠭᠴᠢ᠎ᠶᠢᠨ ᠵᠠᠩᠭᠢᠯᠠᠭ᠎ᠠ᠎ᠶᠢᠨ ᠲᠣᠨᠣᠭᠯᠠᠯ᠎ᠤᠨ ᠳᠤᠮᠳᠠᠳᠤ ᠤᠯᠤᠰ᠎ᠤᠨ ᠲᠤᠷᠰᠢᠯᠲᠠ᠎ᠶᠢᠨ ᠲᠠᠪᠴᠠᠩ ᠠᠮᠵᠢᠯᠲᠠ᠎ᠲᠠᠢ ᠰᠣᠩᠭᠣᠭᠳᠠᠪᠠ᠃
✦ 《ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷᠯᠢᠭ᠋ ᠬᠥᠭᠵᠢᠯᠲᠡ᠎ᠳᠦ ᠬᠦᠴᠦᠨ ᠨᠡᠮᠡᠷᠢᠯᠡᠬᠦ ᠭᠠᠢᠯᠢ ᠰᠦᠢᠳᠬᠡᠯ᠎ᠢ ᠲᠠᠲᠠᠪᠤᠷᠢᠯᠠᠨ ᠬᠠᠮᠢᠶᠠᠷᠬᠤ ᠦᠢᠯᠡᠴᠢᠯᠡᠭᠡᠨ᠎ᠦ ᠠᠷᠭ᠎ᠠ ᠬᠡᠮᠵᠢᠶ᠎ᠡ》 ᠵᠢ ᠳᠠᠷᠤᠮᠠᠯᠯᠠᠨ ᠲᠠᠷᠬᠠᠭᠠᠵᠤ᠂ 10 ᠵᠤᠷᠪᠤᠰ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠲᠣᠳᠣᠷᠬᠠᠢᠯᠠᠪᠠ᠃
✦ ᠦᠢᠷ᠎ᠠ᠎ᠳᠤ ᠦᠬᠠᠢ ᠬᠣᠲᠠ᠎ᠶᠢᠨ 2 ᠠᠭᠤᠷᠬᠠᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠬᠢᠷᠳᠤᠯ ᠦᠭᠡᠢ ᠠᠭᠤᠷᠬᠠᠢ᠎ᠪᠠᠷ ᠰᠣᠩᠭᠣᠭᠳᠠᠵᠤ᠂ ᠮᠠᠨ᠎ᠤ ᠣᠷᠣᠨ᠎ᠤ ᠪᠣᠬᠢᠷᠳᠤᠯ ᠦᠭᠡᠢ ᠠᠭᠤᠷᠬᠠᠢ 457 ᠪᠣᠯᠵᠤ᠂ ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ 73 ᠪᠥ᠍ᠢ᠃
ᠠᠵᠤ ᠠᠬᠤᠢ
✦ ᠡᠨᠡ ᠵᠢᠯ᠎ᠦᠨ ᠲᠦᠷᠦᠭᠦᠦ 10 ᠰᠠᠷ᠎ᠠ᠎ᠳᠤ᠂ ᠮᠠᠨ᠎ᠤ ᠤᠯᠤᠰ᠎ᠤᠨ APEC᠎ᠡᠴᠡ ᠪᠤᠰᠤᠳ ᠠᠵᠤ ᠠᠬᠤᠢ᠎ᠶᠢᠨ ᠴᠣᠭᠴᠠ᠎ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 27.08 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 25.4% ᠪᠠᠷ ᠨᠡᠮᠡᠭᠳᠡᠪᠡ᠃
✦ 11 ᠰᠠᠷ᠎ᠠ᠎ᠶᠢᠨ 15᠎ᠤ ᠡᠳᠦᠷ ᠪᠤᠯᠲᠠᠯ᠎ᠠ᠂ ᠡᠷᠢᠶᠡᠨ ᠲᠡᠮᠦᠷ ᠵᠠᠮ᠎ᠤᠨ ᠪᠣᠭᠣᠮᠲᠠ ᠪᠠᠷ ᠳᠠᠮᠵᠢᠭ᠍ᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 4140 ᠴᠤᠪᠤᠭ᠎ᠠ᠎ᠳᠤ ᠬᠦᠷᠴᠦ᠂ 410 ᠲᠦᠮᠡᠨ ᠲᠣᠨ ᠪᠠᠷᠠᠭ᠎ᠠ ᠲᠡᠭᠡᠭᠡᠪᠦᠷᠢᠯᠡᠨ᠂ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠠ ᠲᠡᠮᠳᠡᠭᠯᠡᠯ᠎ᠢ ᠡᠭᠦᠳᠪᠡ᠃
ᠲᠠᠮᠢᠷ
✦ 2026 ᠣᠨ᠎ᠤ WTT ᠳᠡᠯᠡᠬᠡᠢ᠎ᠵᠢᠨ ᠫᠢᠩᠫᠠᠩ ᠪᠥᠮᠪᠥᠭᠡ᠎ᠵᠢᠨ ᠰᠢᠶᠠᠩᠭᠠᠩ ᠳ᠋ᠡᠬᠢ ᠰᠢᠢᠳᠪᠦᠷᠢᠲᠦ ᠤᠷᠤᠯᠳᠤᠭᠠᠨ 12 ᠰᠠᠷ᠎ᠠ᠎ᠶᠢᠨ 9᠎ᠦ ᠡᠳᠦᠷ — 13᠎ᠤ ᠡᠳᠦᠷ ᠪᠣᠯᠲᠠᠯ᠎ᠠ ᠶᠠᠪᠤᠭᠳᠠᠬᠤ ᠪᠡᠷ ᠪᠤᠢ᠃
ᠳᠡᠯᠡᠬᠡᠢ
✦ ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠶᠠᠫᠤᠨ᠎ᠤ ᠠᠷᠠᠳ᠎ᠤᠨ ᠪᠦᠯᠬᠦᠮᠦᠳ ᠵᠠᠰᠠᠭ᠎ᠤᠨ ᠣᠷᠳᠣᠨ᠎ᠢ 《ᠴᠥᠮ᠎ᠡ ᠬᠡᠷᠡᠭᠯᠡᠬᠦ ᠦᠭᠡᠢ ᠭᠤᠷᠪᠠᠨ ᠵᠠᠷᠴᠢᠮ》᠎ᠢ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠵᠠᠢ᠃
✦ ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠸᠧᠨᠧᠽᠦ᠋ᠧᠯᠠ᠎ᠶᠢᠨ ᠭᠠᠵᠠᠷ ᠬᠥᠳᠡᠯᠦᠯᠲᠡ᠎ᠳᠦ ᠬᠦᠨᠳᠦ ᠭᠠᠮᠰᠢᠭ᠍ᠳᠠᠭᠰᠠᠨ ᠣᠷᠣᠨ᠎ᠤ ᠬᠤᠳᠠᠯᠳᠤᠭᠠᠨ᠎ᠤ ᠠᠵᠢᠯᠯᠠᠭ᠎ᠠ ᠨᠢᠭᠡᠨᠲᠡ ᠰᠡᠷᠭᠦᠪᠡ᠃
✦ 17᠎ᠤ ᠡᠳᠦᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠵᠢᠨ ᠳᠡᠯᠡᠬᠡᠢ᠎ᠶᠢᠨ ᠠᠮᠤ ᠪᠤᠳᠠᠭᠠᠨ᠎ᠤ ᠲᠥᠯᠥᠪᠯᠡᠭᠡ᠎ᠶᠢᠨ ᠵᠠᠬᠢᠷᠭ᠎ᠠ ᠪᠣᠯᠣᠨ ᠤᠯᠠᠨ ᠤᠯᠤᠰ᠎ᠤᠨ ᠨᠡᠭᠦᠳᠡᠯ ᠠᠷᠠᠳ᠎ᠤᠨ ᠵᠣᠬᠢᠶᠠᠨ ᠪᠠᠢᠭᠤᠯᠤᠯᠲᠠ ᠮᠡᠳᠡᠭᠡ ᠨᠡᠢᠲᠡᠯᠡᠵᠦ᠂ ᠪᠡᠯᠡ ᠮᠥᠩᠭᠥ ᠬᠦᠨᠳᠦ ᠨᠣᠴᠢᠲᠠᠢ ᠳᠤᠲᠠᠭᠳᠠᠵᠤ ᠪᠠᠢᠬᠤ ᠪᠠ ᠵᠠᠬ᠎ᠠ ᠳᠡᠯᠭᠡᠭᠦᠷ᠎ᠲᠦ ᠣᠷᠣᠬᠤ᠎ᠶᠢ ᠬᠢᠵᠠᠭᠠᠷᠯᠠᠬᠤ ᠨᠢ ᠫᠠᠯᠸᠰᠲ᠋ᠠᠢ᠍ᠢᠨᠤ ᠭᠠᠽᠠ ᠣᠷᠣᠨ᠎ᠤ ᠬᠥᠮᠥᠯᠢᠭ ᠦᠵᠡᠯ᠎ᠦᠨ ᠠᠵᠢᠯᠯᠠᠭ᠎ᠠ᠎ᠶᠢ ᠰᠦᠷᠳᠡᠭᠦᠯᠵᠦ᠂ ᠡᠪᠦᠯ᠎ᠦᠨ ᠤᠯᠠᠷᠢᠯ᠎ᠳᠦ ᠪᠠᠢᠳᠠᠯ ᠤᠯᠠᠮ ᠬᠡᠴᠡᠭᠦᠳᠡᠬᠦ ᠪᠣᠯᠣᠨ᠎ᠠ ᠭᠡᠵᠦ ᠰᠡᠷᠡᠮᠵᠢᠯᠡᠭᠦᠯᠪᠡ᠃
ᠦᠢᠯᠡᠴᠢᠯᠡᠭᠡ
✦ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ ᠠᠵᠢᠯᠲᠠᠨ ᠡᠯᠰᠡᠵᠦ ᠪᠤᠢ᠃
ᠲᠠᠨ᠎ᠤ ᠲᠤᠰᠠ᠎ᠳᠤ
✦ ᠣᠷᠳᠣ᠌ ᠬᠤᠭᠤᠴᠠᠭ᠎ᠠ᠎ᠪᠠᠷ ᠪᠠᠴᠢᠮᠳᠠᠵᠤ ᠵᠣᠪᠠᠨᠢᠬᠤ ᠪᠠ ᠨᠣᠢᠷ ᠬᠦᠷᠦᠯᠴᠡᠬᠦ ᠦᠭᠡᠢ ᠪᠠᠢᠳᠠᠯ ᠨᠢ ᠰᠣᠯᠪᠢᠭᠤ ᠮᠡᠳᠡᠷᠡᠯ᠎ᠳᠦ ᠦᠷᠭᠦᠯᠵᠢᠯᠡᠨ ᠰᠡᠳᠦᠯᠲᠡ ᠥᠭᠴᠦ᠂ ᠵᠢᠷᠦᠬᠡᠨ ᠴᠣᠬᠢᠯᠭ᠎ᠠ᠎ᠶᠢ ᠲᠦᠷᠭᠡᠳᠬᠡᠨ᠂ ᠴᠢᠰᠤᠨ ᠳᠠᠷᠤᠯᠲᠠ᠎ᠶᠢ ᠳᠡᠭᠡᠭᠰᠢᠯᠡᠭᠦᠯᠵᠦ᠂ ᠵᠢᠷᠦᠬᠡᠨ᠎ᠦ ᠳᠠᠷᠤᠭᠠᠰᠤ᠎ᠶᠢ ᠬᠦᠨᠳᠦᠷᠡᠭᠦᠯᠳᠡᠭ᠃ ᠡᠳᠦᠷ ᠪᠦᠷᠢ ᠭᠦᠨ ᠠᠮᠢᠰᠬᠤᠬᠤ᠂ ᠭᠦᠨ ᠪᠣᠳᠣᠯᠭᠠᠰᠢᠷᠠᠬᠤ ᠵᠡᠷᠭᠡ ᠠᠷᠭ᠎ᠠ ᠮᠠᠶᠢᠭ᠋᠎ᠢᠶᠠᠷ ᠳᠠᠷᠤᠯᠲᠠ᠎ᠪᠠᠨ ᠬᠥᠩᠭᠡᠯᠡᠵᠦ ᠪᠤᠯᠤᠨ᠎ᠠ᠂ ᠡᠳᠦᠷ ᠪᠦᠷᠢ 7 - 9 ᠴᠠᠭ ᠰᠠᠢᠨ ᠤᠨᠲᠠᠵᠤ᠂ ᠵᠢᠷᠦᠬᠡ ᠴᠢᠰᠤᠨ ᠰᠤᠳᠠᠯ᠎ᠤᠨ ᠰᠢᠰᠲᠧᠮ᠎ᠢ ᠭᠦᠢᠴᠡᠳ ᠠᠮᠠᠷᠠᠭᠤᠯᠪᠠᠯ ᠵᠤᠬᠢᠨ᠎ᠠ᠃
ᠵᠠᠯᠭᠠᠭᠠᠳ 《ᠡᠵᠢ᠎ᠪᠡᠨ ᠳᠤᠷᠠᠰᠤᠨ᠎ᠠ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠭᠢᠯᠪᠡᠬᠡᠨ
-
ᠨᠡᠪᠲᠡᠷᠡᠭᠦᠯᠦᠭᠴᠢ᠄
ᠭᠢᠯᠪᠡᠬᠡᠨ
-
ᠮᠡᠷᠭᠡᠵᠢᠯ᠄
ᠬᠠᠢ ᠯᠢ ᠶᠠᠨ
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃