ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-21 14:05:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

    

          ᠨᠡᠢᠭᠡᠮ                              

✦ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ《ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ》 ᠳ᠋ᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ᠎ᠢ ᠤᠢᠷ᠎ᠠ᠎ᠳᠤ ᠳᠠᠷᠤᠮᠠᠯᠯᠠᠨ ᠲᠠᠷᠬᠠᠭᠠᠵᠤ᠂ 2027 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠬᠦᠯᠬᠦ ᠪᠡᠷ ᠪᠤᠢ᠃

✦ᠤᠯᠤᠰ᠎ᠤᠨ ᠪᠠᠢᠭᠠᠯᠢ ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ ᠣᠢᠷ᠎ᠠ᠎ᠳᠤ ᠰᠢᠨ᠎ᠡ ᠲᠣᠭᠲᠠᠭᠠᠯ ᠨᠡᠢᠲᠡᠯᠡᠵᠦ᠂ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠲᠦᠷᠦᠯ ᠵᠦᠢᠯ᠎ᠦᠨ ᠪᠡᠯᠡ  ᠮᠥᠩᠭᠥ ᠎ᠶᠢᠨ ᠲᠣᠭᠲᠠᠭᠠᠯ᠎ᠠᠴᠠ ᠵᠥᠷᠢᠴᠡᠭᠰᠡᠨ ᠠᠵᠢᠯᠯᠠᠭ᠎ᠠ᠎ᠶᠢᠨ ᠪᠣᠳᠠᠲᠠᠢ ᠪᠠᠢᠳᠠᠯ᠎ᠢ ᠠᠩᠬ᠎ᠠ ᠤᠳᠠᠭ᠎ᠠ ᠲᠣᠳᠣᠷᠬᠠᠢ ᠵᠠᠭᠠᠭᠯᠠᠨ ᠲᠣᠭᠲᠠᠭᠠᠵᠤ᠂ ᠲᠣᠭᠲᠠᠭᠠᠯ᠎ᠡᠴᠡ ᠵᠥᠷᠢᠴᠡᠨ ᠵᠠᠷᠤᠳᠠᠯ ᠎ᠢ ᠬᠡᠷᠡᠭᠯᠡᠭᠰᠡᠨ ᠦᠢᠯᠡ ᠠᠵᠢᠯᠯᠠᠭ᠎ᠠ᠎ᠶᠢ ᠬᠡᠷᠬᠢᠨ ᠰᠢᠢᠳᠪᠦᠷᠢᠯᠡᠬᠦ ᠲᠤᠬᠠᠢ ᠬᠡᠷᠡᠭᠵᠢᠭᠦᠯᠵᠦ ᠪᠣᠯᠬᠤ ᠠᠷᠭ᠎ᠠ ᠵᠠᠮ᠎ᠢ ᠲᠣᠳᠣᠷᠬᠠᠢᠯᠠᠵᠠᠢ᠃

✦2027 ᠣᠨ᠎ᠳᠤ ᠪᠦᠬᠦ ᠤᠯᠤᠰ᠎ᠤᠨ ᠡᠩ᠎ᠦᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠲᠣᠭ᠎ᠠ ᠵᠢᠱ᠌ᠢᠯᠲᠡ᠎ᠪᠡᠷ 1299 ᠲᠦᠮᠡ᠎ᠳᠦ ᠬᠦᠷᠬᠦ ᠪᠣᠯᠣᠨ᠎ᠠ᠃

✦ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠦᠢᠷ᠎ᠠ᠎ᠳᠤ ᠢᠯᠡᠷᠬᠡᠢᠯᠡᠬᠦ᠎ᠳᠡᠭᠡᠨ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠡᠬᠢ ᠪᠠᠶᠠᠯᠢᠭ᠍ᠵᠢᠭᠤᠯᠤᠨ ᠠᠰᠢᠭ᠍ᠯᠠᠬᠤ᠎ᠶᠢᠨ ᠬᠠᠮᠲᠤ ᠬᠣᠶᠠᠳᠠᠭᠢ ᠤᠳᠠᠭᠠᠨ᠎ᠤ ᠪᠣᠬᠢᠷᠲᠤᠯ᠎ᠢ ᠰᠡᠷᠭᠡᠢᠯᠡᠨ᠎ᠡ ᠭᠡᠵᠡᠢ᠃

✦ᠲᠦᠷᠦᠭᠦᠦ ᠠᠷᠪᠠᠨ ᠰᠠᠷ᠎ᠠ᠎ᠳᠤ ᠮᠠᠨ᠎ᠤ ᠤᠯᠤᠰ ᠣᠷᠴᠢᠨ ᠠᠬᠤᠢ᠎ᠶᠢᠨ ᠬᠢᠨᠠᠨ ᠬᠡᠮᠵᠢᠯᠲᠡ᠂ ᠡᠮ ᠡᠮᠨᠡᠯᠭᠡ ᠡᠷᠡᠭᠦᠯ ᠬᠠᠮᠠᠭᠠᠯᠠᠯ᠂ ᠢᠳᠡᠭᠡᠨ᠎ᠦ ᠠᠮᠤᠷ ᠲᠦᠪᠰᠢᠨ᠂ ᠠᠵᠤ ᠦᠢᠯᠡᠳᠪᠦᠷᠢ᠎ᠶᠢᠨ ᠬᠡᠷᠡᠭᠯᠡᠯᠲᠡ ᠵᠡᠷᠭᠡ
ᠬᠦᠷᠢᠶᠡᠨ᠎ᠳᠦ ᠬᠣᠯᠪᠣᠭᠳᠠᠭᠰᠠᠨ 1028 ᠵᠦᠢᠯ᠎ᠦᠨ ᠤᠯᠤᠰ᠎ᠤᠨ ᠪᠠᠷᠢᠮᠵᠢᠶᠠᠲᠤ ᠪᠣᠳᠠᠰ᠎ᠢ ᠵᠥᠪᠰᠢᠶᠡᠷᠡᠨ ᠨᠡᠢᠲᠡᠯᠡᠪᠡ᠃

✦ᠪᠦᠬᠦ ᠤᠯᠤᠰ᠎ᠤᠨ ᠠᠩᠬᠠᠳᠠᠭ᠍ᠴᠢ ᠵᠠᠭᠤᠨ ᠺᠢᠯᠣᠮᠧᠲᠷ᠎ᠦᠨ ᠴᠡᠪᠡᠷ ᠤᠰᠤᠲᠥ᠋ᠷᠥᠭᠴᠢ ᠳᠠᠮᠵᠢᠭᠤᠯᠬᠤ ᠬᠣᠭᠣᠯᠠᠢ — ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ᠎ᠠᠴᠠ ᠪᠤᠭᠤᠲᠤ ᠬᠣᠲᠠ ᠬᠦᠷᠬᠦ 195 ᠺᠢᠯᠣᠮᠧᠲᠷ᠎ᠤᠨ ᠤᠷᠲᠤ ᠬᠤᠭᠤᠴᠠᠭ᠎ᠠ᠎ᠪᠠᠷ ᠤᠰᠤᠲᠥ᠋ᠷᠥᠭᠴᠢ ᠳᠠᠮᠵᠢᠭᠤᠯᠬᠤ ᠬᠣᠭᠣᠯᠠᠢ ᠲᠦᠷᠦᠬᠦᠬᠡᠨ ᠠᠰᠢᠭ᠍ᠯᠠᠯᠲᠠ᠎ᠳᠤ ᠣᠷᠣᠪᠠ᠃

✦2023 ᠣᠨ᠎ᠠᠴᠠ ᠡᠬᠢᠯᠡᠨ᠂ ᠣᠲᠤᠭ ᠬᠣᠰᠢᠭᠤᠨ᠎ᠤ ᠪᠠᠶᠠᠠᠠᠤᠰᠤ ᠭᠠᠴᠠᠭᠠᠨ᠎ᠤ ᠵᠥᠪᠯᠡᠯ ᠨᠠᠮ᠎ᠤᠨ ᠡᠭᠦᠷ᠎ᠠᠴᠠ ᠪᠦᠬᠦ ᠭᠠᠴᠠᠭᠠᠨ᠎ᠤ 700 ᠭᠠᠷᠤᠢ ᠮᠠᠯᠴᠢᠳ᠎ᠲᠤ ᠡᠮ ᠡᠮᠨᠡᠯᠭᠡ᠎ᠶᠢᠨ ᠳᠠᠭᠠᠳᠬᠠᠯ᠎ᠢ ᠣᠷᠣᠯᠠᠨ ᠲᠤᠰᠢᠶᠠᠵᠤ᠂ ᠡᠨᠡ ᠵᠢᠯ ᠭᠠᠴᠠᠭᠠᠨ᠎ᠠᠴᠠ ᠪᠠᠰᠠ ᠶᠡᠬᠡ ᠰᠤᠷᠭᠠᠭᠤᠯᠢ᠎ᠳᠦ ᠰᠢᠯᠭᠠᠨ ᠣᠷᠣᠭᠰᠠᠨ 11 ᠰᠤᠷᠤᠭ᠍ᠴᠢ ᠨᠢᠭᠡᠪᠦᠷᠢ᠎ᠳᠦ 3000 ᠲᠥᠭᠥᠷᠢᠭ᠎ᠦᠨ ᠰᠤᠷᠤᠯᠭ᠎ᠠ᠎ᠶᠢᠨ ᠳᠤᠰᠠᠯᠠᠮᠵᠢ᠎ᠶᠢᠨ ᠮᠥᠩᠭᠥ ᠣᠯᠭᠣᠬᠰᠠᠨ ᠪᠠᠢᠨ᠎ᠠ᠃

✦ᠣᠳᠣᠬᠠᠨ᠎ᠳᠤ ᠪᠠᠶᠠᠠᠨᠠᠭᠤᠷ ᠬᠤᠲᠠ᠎ᠳᠤ ᠨᠡᠢᠲᠡ 3627《ᠬᠠᠤᠯᠢ ᠵᠢ ᠮᠡᠳᠡᠭᠴᠢ》ᠲᠠᠶ ᠪᠠᠢᠵᠤ᠂ 7 ᠬᠣᠰᠢᠭᠤ ᠰᠢᠶᠠᠨ᠎ᠤ 804 ᠭᠠᠴᠠᠭ᠎ᠠ ᠲᠣᠰᠬᠣᠨ ( ᠨᠡᠢᠭᠡᠮ ᠲᠣᠭᠣᠷᠢᠭ᠋ )᠎ᠳ᠋ᠤ ᠪᠦᠬᠦᠨ᠎ᠢ ᠪᠦᠷᠬᠦᠭᠦᠯᠪᠡ᠂ ᠡᠭᠦᠨ᠎ᠳᠦ ᠭᠠᠴᠠᠭ᠎ᠠ ᠲᠣᠰᠬᠣᠨ ᠨᠢᠭᠡᠪᠦᠷᠢ᠎ᠳᠦ ᠨᠠᠭᠠᠲᠤ ᠵᠠᠬ᠎ᠠ᠎ᠳᠠᠭᠠᠨ 3 ᠬᠥᠮᠥᠨ᠂ ᠨᠡᠢᠭᠡᠮ ᠲᠣᠭᠣᠷᠢᠭ᠋ ᠨᠢᠭᠡᠪᠦᠷᠢ᠎ᠳᠦ ᠨᠠᠭᠠᠲᠤ ᠵᠠᠬ᠎ᠠ᠎ᠳᠠᠭᠠᠨ 5 ᠬᠥᠮᠥᠨ ᠪᠠᠢᠨ᠎ᠠ᠃

✦ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠥᠷᠨᠢᠭᠦᠯᠦᠭᠰᠡᠨ᠎ᠡᠴᠡ ᠨᠠᠭᠠᠰᠢ᠂ ᠣᠲᠤᠭ ᠬᠣᠰᠢᠭᠤ ᠰᠤᠮᠤ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠭᠠᠴᠠᠭ᠎ᠠ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ ᠦᠨᠳᠦᠰᠦᠨ ᠱᠠᠲᠤᠨ᠎ᠤ ᠲᠣᠣᠷ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ᠎ᠦ ᠴᠤᠪᠤᠷᠠᠯ᠂ ᠠᠷᠠᠳ᠎ᠲᠤ ᠳᠥᠭᠥᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ᠎ᠶᠢᠨ ᠳᠤᠲᠠᠭᠤᠳᠠᠯ᠎ᠢ ᠨᠥᠬᠥᠪᠦᠷᠢᠯᠡᠬᠦ᠂ ᠡᠮ ᠡᠮᠨᠡᠯᠭᠡ᠎ᠶᠢᠨ ᠦᠢᠯᠡᠴᠢᠯᠡᠭᠡᠨ᠎ᠦ《ᠡᠴᠦᠰ᠎ᠦᠨ ᠨᠢᠭᠡ ᠺᠢᠯᠣᠮᠧᠲᠷ》᠎ᠢ ᠨᠠᠪᠲᠠᠷᠡᠭᠦᠯᠵᠦ᠂ ᠣᠯᠠᠨ ᠲᠦᠮᠡᠨ᠎ᠦ 《ᠭᠡᠷ᠎ᠦᠨ ᠡᠭᠦᠳᠡᠨ᠎ᠳᠡᠭᠡᠨ ᠡᠮᠴᠢᠯᠡᠬᠦᠯᠬᠦ᠂ ᠰᠢᠭᠤᠳ ᠳᠠᠩᠰᠠ ᠲᠠᠢᠯᠬᠤ᠂ ᠪᠦᠬᠦ ᠲᠠᠯ᠎ᠠ᠎ᠶᠢᠨ ᠪᠠᠲᠤᠯᠠᠭ᠎ᠠ》ᠵᠢ ᠪᠡᠶᠡᠯᠡᠭᠦᠯᠦᠭᠰᠡᠨ ᠪᠠᠢᠨ᠎ᠠ᠃ 

✦ᠬᠥᠬᠡᠬᠣᠲᠠ᠎ᠶᠢᠨ ᠮᠧᠲᠷᠣ᠋᠎ᠶᠢᠨ ᠥᠷᠲᠡᠭᠡ ᠲᠦᠷᠦᠭᠦᠬᠡᠨ ᠴᠢᠬᠤᠯᠠ ᠰᠠᠨᠠᠭᠤᠯᠤᠮᠵᠢ ᠨᠡᠢᠲᠡᠯᠡᠵᠦ᠂ ᠮᠧᠲᠷᠣ᠋᠎ᠶᠢᠨ ᠪᠢᠯᠧᠲ ᠪᠠ ᠺᠠᠷᠲ᠎ᠦᠨ ᠣᠨ᠎ᠤ ᠪᠠᠢᠴᠠᠭᠠᠯᠲᠠ᠎ᠶᠢᠨ ᠠᠵᠢᠯ ᠤᠳᠠᠯ ᠦᠭᠡᠢ ᠡᠬᠢᠯᠡᠬᠦ᠎ᠪᠠᠷ ᠪᠠᠢᠭ᠎ᠠ ᠲᠤᠯᠠ ᠣᠨᠴᠠ ᠬᠠᠯᠠᠮᠵᠢᠯᠠᠯ᠎ᠤᠨ ᠺᠠᠷᠲ ᠪᠠ ᠰᠤᠷᠤᠭ᠍ᠴᠢ᠎ᠶᠢᠨ ᠺᠠᠷᠲ ᠬᠡᠷᠡᠭᠯᠡᠵᠦ ᠪᠠᠢᠭ᠎ᠠ ᠬᠥᠮᠥᠰ 12 ᠰᠠᠷ᠎ᠠ᠎ᠶᠢᠨ 1 - 31᠎ᠦ ᠡᠳᠦᠷ᠎ᠦᠨ ᠬᠣᠭᠣᠷᠣᠨᠳᠤ ᠬᠥᠬᠡᠬᠣᠲᠠ ᠵᠢᠨ ᠮᠧᠲᠷᠣ᠋᠎ᠶᠢᠨ ᠳᠤᠷ᠎ᠠ᠎ᠶᠢᠨ ᠨᠢᠭᠡ ᠥᠷᠲᠡᠭᠡ᠎ᠳᠦ ᠬᠦᠷᠴᠤ᠂ ᠣᠨ᠎ᠤ ᠪᠠᠢᠴᠠᠭᠠᠯᠲᠠ᠎ᠪᠠᠨ ᠪᠡᠶᠡᠯᠡᠭᠦᠯᠬᠦ ᠴᠢᠬᠤᠯᠠᠲᠠᠢ᠂ ᠬᠡᠷᠪᠡ ᠬᠤᠭᠤᠴᠠᠭ᠎ᠠ ᠨᠢ ᠬᠡᠲᠦᠷᠡᠪᠡᠯ ᠬᠡᠪ᠎ᠦᠨ ᠪᠠᠢᠳᠠᠯ᠎ᠢᠶᠠᠷ ᠬᠡᠷᠡᠭᠯᠡᠵᠦ ᠴᠢᠳᠠᠬᠤ ᠦᠭᠡᠢ ᠪᠣᠯᠣᠨ᠎ᠠ ᠭᠡᠵᠡᠢ᠃

✦ᠤᠢᠷ᠎ᠠ᠎ᠳᠤ ᠪᠠᠶᠠᠨᠨᠠᠭᠤᠷ ᠬᠣᠲᠠ᠎ᠳᠠᠬᠢ ᠤᠯᠤᠰ᠎ᠤᠨ ᠮᠠᠯ ᠠᠵᠤ ᠠᠬᠤᠢ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠮᠢᠬᠠᠨ᠎ᠤ ᠬᠣᠨᠢᠨ᠎ᠤ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠡᠴᠡ ᠬᠣᠨᠢᠨ ᠎ᠤ ᠥᠭᠡᠬᠦ᠎ᠶᠢ ᠤᠯᠤᠰ᠎ᠤᠨ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠢᠨ ᠭᠣᠶᠣᠯᠠᠯ ᠎ᠤᠨ ᠡᠳ᠋᠎ᠦᠨ ᠰᠢᠨ᠎ᠡ ᠲᠦᠭᠦᠬᠡᠢ ᠮᠠᠲᠧᠷᠢᠶᠠᠯ ᠎ᠢᠶᠡᠷ ᠮᠡᠳᠡᠭᠦᠯᠦᠨ ᠳᠠᠩᠰᠠᠯᠠᠭᠤᠯᠵᠤ᠂ ᠲᠤᠰ ᠲᠦᠭᠦᠬᠡᠢ ᠮᠠᠲᠧᠷᠢᠶᠠᠯ᠎ᠢ ᠳᠠᠩᠰᠠᠯᠠᠭᠤᠯᠬᠤ᠎ᠪᠠᠷ ᠵᠥᠪᠰᠢᠶᠡᠷᠡᠭᠦᠯᠦᠭᠰᠡᠨ ᠤᠯᠤᠰ᠎ᠤᠨ ᠳᠣᠲᠣᠭᠠᠳᠤ᠎ᠶᠢᠨ ᠠᠩᠬᠠᠨ᠎ᠤ ᠨᠢᠭᠡᠴᠢ ᠪᠣᠯᠪᠠ᠃

 

✦11 ᠰᠠᠷ᠎ᠠ᠎ᠶᠢᠨ 17᠎ᠤ ᠡᠳᠦᠷ᠂《ᠮᠠᠯᠤᠷ ᠥᠳᠡᠭᠡ ᠬᠤᠨᠳᠠᠭᠠᠲᠤ》ᠣᠯᠠᠨ ᠤᠯᠤᠰ᠎ᠤᠨ ᠵᠠᠯᠠᠭᠤᠴᠤᠳ᠎ᠤᠨ ᠬᠥᠯ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠤ ᠬᠠᠮᠤᠭ ᠰᠡᠭᠦᠯᠴᠢ᠎ᠶᠢᠨ ᠨᠢᠭᠡ ᠡᠭᠡᠯᠵᠢ᠎ᠶᠢᠨ ᠤᠷᠤᠯᠳᠤᠭᠠᠨ᠎ᠳᠤ᠂  U19  ᠤᠯᠤᠰ ᠎ᠤᠨ  ᠬᠥᠯ   ᠪᠥᠮᠪᠥᠭᠡ ᠎ᠶᠢᠨ   ᠠᠩᠭᠢ 2᠄ 1᠎ᠪᠠᠷ ᠺᠣᠷᠢᠶᠠ᠎ᠶᠢᠨ ᠠᠩᠭᠢ᠎ᠶᠢ ᠢᠯᠠᠵᠤ᠂ 3 ᠤᠳᠠᠭᠠᠨ᠎ᠤ ᠤᠷᠤᠯᠳᠤᠭᠠᠨ᠎ᠳᠤ 2 ᠢᠯᠠᠵᠤ 1 ᠬᠠᠢᠨᠴᠠᠭᠰᠠᠨ ᠬᠢᠷᠢ ᠪᠦᠲᠦᠮᠵᠢ᠎ᠪᠡᠷ ᠲᠤᠰ ᠤᠳᠠᠭᠠᠨ᠎ᠤ ᠤᠷᠤᠯᠳᠤᠭᠠᠨ᠎ᠤ ᠮᠠᠩᠯᠠᠢ᠎ᠶᠢ ᠰᠢᠭᠦᠷᠦᠯ᠎ᠡ᠃

 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠮᠧᠷᠢᠺᠠ᠎ᠶᠢᠨ ᠬᠤᠯᠪᠤᠭᠠᠨ᠎ᠤ ᠨᠦᠭᠡᠴᠡ ᠵᠢᠨ ᠵᠥᠪᠯᠡᠯ 10 ᠰᠠᠷ᠎ᠠ᠎ᠶᠢᠨ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢᠨ ᠬᠤᠷᠠᠯ᠎ᠤᠨ ᠲᠣᠪᠴᠢ ᠲᠡᠮᠳᠡᠭᠯᠡᠯ ᠎ᠢ ᠨᠡᠢᠲᠡᠯᠡᠪᠡ᠂ ᠲᠣᠪᠴᠢ ᠲᠡᠮᠳᠡᠭᠯᠡᠯ᠎ᠳᠦ ᠠᠮᠧᠷᠢᠺᠠ᠎ᠶᠢᠨ ᠬᠤᠯᠪᠤᠭᠠᠨ᠎ᠤ ᠨᠦᠭᠡᠴᠡ᠎ᠶᠢᠨ ᠵᠥᠪᠯᠡᠯ᠎ᠦᠨ ᠲᠤᠰᠢᠶᠠᠯᠲᠠᠨ ᠤᠯᠠᠮ ᠨᠢᠭᠡ ᠠᠯᠬᠤᠮ ᠬᠦᠦ ᠮᠦᠩᠬᠦ ᠨᠡᠮᠡᠬᠦ ᠬᠠᠨᠳᠤᠰᠢ᠎ᠲᠠᠢ ᠪᠠᠢᠨ᠎ᠠ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 10 ᠰᠠᠷ᠎ᠠ᠎ᠳᠤ ᠠᠨᠭ᠌ᠭ᠌ᠯᠢ᠎ᠶᠢᠨ ᠴᠠᠢᠶᠢᠦ ᠲᠣᠰᠣᠨ᠎ᠤ ᠳᠤᠮᠳᠠᠴᠢ ᠦᠨ᠎ᠡ ᠯᠢᠲᠷ ᠪᠦᠷᠢ᠎ᠳᠡᠭᠡᠨ 199.5 ᠫᠸᠨ᠋ᠼ ᠪᠣᠯᠵᠤ᠂ 1996 ᠣᠨ᠎ᠤ 1 ᠰᠠᠷ᠎ᠠ᠎ᠳᠤ ᠪᠦᠷᠢᠳᠬᠡᠭᠰᠡᠨ ᠲᠡᠮᠳᠡᠭᠯᠡᠯ ᠎ᠲᠠᠢ ᠪᠣᠯᠤᠭᠰᠠᠨ᠎ᠠᠴᠠ ᠨᠠᠭᠠᠰᠢᠬᠢ ᠬᠠᠮᠤᠭ᠎ᠤᠨ ᠥᠨᠳᠥᠷ ᠲᠦᠪᠰᠢᠨ᠎ᠳᠦ ᠬᠦᠷᠴᠡᠢ᠃

 

✦ᠦᠤᠰᠢᠨ ᠬᠤᠰᠢᠭᠤᠨ᠎ᠤ ᠮᠤᠩᠭᠤᠯ ᠡᠮᠨᠡᠯᠭᠡ ᠵᠢᠨ ᠶᠡᠷᠤᠩᠬᠡᠢᠯᠡᠭᠰᠡᠨ ᠡᠮᠨᠡᠯᠭᠡ ᠵᠢᠨ ᠬᠤᠷᠢᠶ᠎ᠠ ᠠᠵᠢᠯᠳᠠᠨ ᠡᠯᠰᠡᠵᠤ ᠪᠤᠢ᠃

 

ᠲᠠᠨ ᠎ᠤ ᠲᠤᠰᠡ ᠳ᠋ᠤ  

 

✦ᠨᠣᠭᠣᠭ᠎ᠠ ᠬᠠᠭᠤᠷᠳᠠᠭ ᠲᠡᠮᠦᠷ ᠲᠣᠭᠣᠭ᠎ᠠ ᠎ᠶᠢ ᠤᠳᠠᠭᠠᠨ ᠬᠡᠷᠡᠭᠯᠡᠪᠡᠯ ᠲᠣᠭᠣᠭᠠᠨ᠎ᠳᠤ ᠨᠠᠭᠠᠯᠳᠤᠭᠰᠠᠨ ᠲᠣᠰᠣᠯᠢᠭ᠋ ᠵᠦᠢᠯ᠎ᠢ ᠠᠷᠢᠯᠭᠠᠬᠤ᠎ᠳᠤ ᠬᠦᠴᠢᠷ ᠪᠣᠯᠳᠠᠭ᠂ ᠡᠨᠡ ᠦᠶᠡᠰ᠎ᠠᠯᠢᠮ᠎ᠠ᠎ᠶᠢᠨ ᠬᠠᠯᠢᠰᠤ᠎ᠶᠢ ᠲᠣᠭᠣᠭᠠᠨ᠎ᠳᠤ ᠬᠢᠵᠦ ᠵᠢᠭᠠᠬᠠᠨ ᠤᠰᠤ ᠨᠡᠮᠡᠵᠦ ᠪᠤᠴᠠᠯᠭᠠᠪᠠᠯ ᠴᠡᠪᠡᠷᠬᠡᠨ ᠪᠤᠯᠴᠢᠬᠠᠨ᠎ᠠ᠃

 

 ᠵᠠᠯᠭᠠᠭᠠᠳ 《ᠨᠠᠷᠠᠨ ᠰᠠᠷᠠᠨ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ  ᠰᠤᠨᠢᠨ᠎ᠤ  ᠵᠢᠷᠬᠢᠶ᠎ᠠ ᠎ᠶᠢᠨ ᠲᠠᠪᠴᠠᠩ᠂ ᠠᠵᠤ ᠠᠬᠤᠢ ᠵᠢᠨᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面