ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-22 12:33:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

           

           

ᠨᠡᠢᠭᠡᠮ              

✦ᠤᠯᠤᠰ᠎ᠤᠨ ᠡᠨᠧᠷᠭᠢ᠎ᠶᠢᠨ ᠲᠣᠪᠴᠢᠶ᠎ᠠ᠎ᠶᠢᠨ 20᠎ᠤ ᠡᠳᠦᠷ ᠨᠡᠢᠲᠡᠯᠡᠭᠰᠡᠨ ᠲᠣᠭ᠎ᠠ ᠪᠠᠷᠢᠮᠲᠠ᠎ᠵᠢ ᠦᠨᠳᠦᠰᠦᠯᠡᠪᠡᠯ᠂ ᠡᠨᠡ ᠵᠢᠯ᠎ᠦᠨ 10 ᠰᠠᠷ᠎ᠠ᠎ᠶᠢᠨ ᠡᠴᠦᠰ ᠪᠣᠯᠲᠠᠯ᠎ᠠ ᠮᠠᠨ᠎ᠤ ᠤᠯᠤᠰ᠎ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ᠎ᠶᠢᠨ ᠪᠥᠬᠥ ᠲᠣᠭ᠎ᠠ 2539.1 ᠲᠦᠮᠡ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 36.2%᠎ᠢᠶᠠᠷ ᠨᠡᠮᠡᠭᠳᠡᠪᠡ᠃

✦ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ᠎ᠶᠢᠨ 20᠎ᠤ ᠡᠳᠦᠷ᠎ᠦᠨ ᠮᠡᠳᠡᠭᠡ᠎ᠵᠢ ᠦᠨᠳᠦᠰᠦᠯᠡᠪᠡᠯ᠂ ᠣᠳᠣᠬᠠᠨ᠎ᠳᠤ 2026 ᠣᠨ᠎ᠤ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠵᠢᠭᠡᠯᠡᠯᠭᠡ ᠲᠠᠯᠪᠢᠬᠤ ᠠᠵᠢᠯ᠎ᠢ ᠨᠢᠭᠡᠨᠲᠡ ᠪᠡᠶᠡᠯᠡᠭᠦᠯᠵᠦ᠂ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ 753 ᠲᠦᠮᠡᠨ ᠰᠣᠷᠣᠭ᠍ᠴᠢ᠎ᠳᠤ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠵᠢᠭᠡᠯᠡᠯᠭᠡ 1163 ᠳ᠋ᠦᠩᠰᠢᠭᠤᠷ ᠲᠥᠭᠥᠷᠢᠭ ᠲᠠᠷᠬᠠᠭᠠᠪᠠ᠃

✦ᠲᠦᠷᠦᠭᠦᠬᠡᠨ ᠤᠯᠤᠰ᠎ᠤᠨ ᠣᠶ ᠰᠢᠭᠤᠢ᠎ᠪᠠ ᠨᠤᠲᠤᠭ ᠪᠡᠯᠴᠢᠭᠡᠷ᠎ᠦᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠤᠯᠤᠰ᠎ᠤᠨ ᠴᠡᠴᠡᠷᠯᠢᠭ᠎ᠦᠨ ᠪᠠᠢᠭᠠᠯᠢ᠎ᠶᠢᠨ ᠡᠬᠢ ᠪᠠᠶᠠᠯᠢᠭ᠋ ᠪᠠ ᠠᠮᠢ ᠠᠬᠤᠢ ᠣᠷᠴᠢᠨ ᠲᠤᠭᠤᠷᠢᠨ᠎ᠤ ᠪᠠᠢᠳᠠᠯ᠎ᠢ ᠦᠨᠡᠯᠡᠨ ᠵᠢᠱ᠌ᠢᠬᠦ ᠠᠷᠭ᠎ᠠ᠎ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠤᠯᠤᠰ᠎ᠤᠨ ᠴᠡᠴᠡᠷᠯᠢᠭ᠎ᠲᠦ ᠲᠠᠪᠤᠨ ᠵᠢᠯ᠎ᠳᠦ ᠨᠢᠭᠡ ᠤᠳᠠᠭ᠎ᠠ 《ᠠᠮᠢ ᠠᠬᠤᠢ᠎ᠶᠢᠨ ᠪᠡᠶ᠎ᠡ᠎ᠶᠢᠨ ᠪᠠᠢᠴᠠᠭᠠᠯᠲᠠ ᠬᠢᠨ᠎ᠡ》ᠭᠡᠵᠦ ᠳᠤᠷᠠᠳᠤᠨ ᠭᠠᠷᠭᠠᠪᠠ᠂ ᠦᠨᠡᠯᠡᠨ ᠵᠢᠱ᠌ᠢᠬᠦ ᠠᠭᠤᠯᠭ᠎ᠠ᠎ᠳᠤ ᠤᠯᠤᠰ᠎ᠤᠨ ᠴᠡᠴᠡᠷᠯᠢᠭ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠪᠠᠢᠳᠠᠯ᠂ ᠠᠮᠢ ᠠᠬᠤᠢ ᠤᠷᠴᠢᠨ ᠲᠤᠭᠤᠷᠢᠨ᠎ᠤ ᠶᠠᠰᠤ ᠴᠢᠨᠠᠷ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠵᠡᠷᠭᠡ ᠪᠠᠭᠲᠠᠨ᠎ᠠ᠃

✦ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠡ᠎ᠵᠢ ᠦᠨᠳᠦᠰᠦᠯᠡᠪᠡᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠾᠧᠪᠧᠢ ᠵᠢᠨ ᠯᠦ᠍ ᠯᠦᠩ ᠰᠢᠶᠠᠨ᠎ᠠᠴᠠ ᠣᠲᠣ᠌᠎ᠠᠴᠠ 39.5 ᠳ᠋ᠦᠩᠰᠢᠭᠤᠷ ᠵᠢᠯ᠎ᠦᠨ ᠡᠮᠦᠨᠡᠬᠢ ᠡᠷᠲᠡᠨ᠎ᠦ ᠴᠢᠯᠠᠭᠤᠯᠢᠭ᠋᠎ᠢ ᠢᠯᠡᠷᠡᠭᠦᠯᠪᠡ᠂ ᠡᠨᠡ ᠨᠢ ᠮᠥᠨ ᠴᠦ᠍ ᠣᠳᠣᠬᠠᠨ᠎ᠤ ᠠᠽᠢᠶ᠎ᠠ ᠲᠢᠪ᠎ᠦᠨ ᠨᠢᠭᠡᠨᠲᠡ ᠮᠡᠳᠡᠭᠰᠡᠨ ᠬᠠᠮᠤᠭ᠎ᠤᠨ ᠡᠷᠲᠡᠨ᠎ᠦ ᠴᠢᠯᠠᠭᠤᠯᠢᠭ᠋ ᠪᠣᠯᠣᠨ᠎ᠠ᠃

✦ᠤᠢᠷ᠎ᠠ᠎ᠵᠢᠨ ᠵᠢᠯ᠎ᠳᠦ ᠪᠦᠬᠦ ᠤᠯᠤᠰ᠎ᠤᠨ ᠤᠯᠠᠨ ᠭᠠᠵᠠᠷ᠎ᠤᠨ ᠬᠢᠨ ᠬᠤᠷᠢᠮ᠎ᠤᠨ ᠴᠢᠯᠦᠭᠡ᠎ᠵᠢ ᠤᠷᠳᠤᠳᠬᠠᠵᠤ ᠡᠬᠢᠯᠡᠵᠡᠢ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠪᠦᠬᠦ ᠤᠯᠤᠰ᠎ᠲᠦ ᠨᠢᠭᠡᠨᠲᠡ 29 ᠮᠤᠵᠢ ᠤᠷᠤᠨ ᠬᠤᠲᠠ ᠬᠤᠷᠢᠮ᠎ᠤᠨ ᠴᠢᠯᠦᠭᠡ᠎ᠵᠢ ᠤᠷᠳᠤᠳᠬᠠᠭᠰᠠᠨ ᠤᠷᠤᠨ ᠨᠤᠲᠤᠭ᠎ᠤᠨ ᠬᠠᠤᠯᠢ ᠲᠤᠭᠲᠠᠭᠠᠯ ᠪᠤᠶᠤ ᠲᠥᠷᠥ᠎ᠵᠢᠨ ᠪᠤᠳᠤᠯᠭ᠎ᠠ᠎ᠳᠦ ᠵᠠᠰᠠᠪᠤᠷᠢ ᠤᠷᠤᠭᠤᠯᠵᠤ᠂ ᠱᠠᠨ ᠰᠢ ᠮᠤᠵᠢ᠂ ᠭᠠᠨᠰᠤ ᠮᠤᠵᠢ ᠬᠤᠷᠢᠮ᠎ᠤᠨ ᠴᠢᠯᠦᠭᠡ᠎ᠵᠢ 30 ᠡᠳᠦᠷ ᠪᠤᠯᠲᠠᠯ᠎ᠠ ᠤᠷᠳᠤᠳᠬᠠᠨ᠂ ᠡᠾᠸᠨᠠᠨ᠂ ᠰᠸᠴᠤᠸᠠᠨ᠂ ᠬᠠᠷᠠᠮᠦ᠋ᠷᠡᠨ ᠵᠡᠷᠭᠡ ᠭᠠᠵᠠᠷ ᠨᠢ 25 ᠡᠴᠡ 28 ᠡᠳᠦᠷ ᠪᠤᠯᠲᠠᠯ᠎ᠠ ᠤᠷᠳᠤᠳᠬᠠᠵᠠᠢ᠃

✦19 - 21᠎ᠦ ᠡᠳᠦᠷ ᠪᠣᠯᠲᠠᠯ᠎ᠠ᠂ 2026 ᠳᠡᠯᠡᠬᠡᠢ᠎ᠶᠢᠨ ᠪᠣᠳᠣᠯᠳᠠ ᠵᠢᠨ ᠶᠡᠬᠡ ᠬᠤᠷᠠᠯ ᠬᠤᠨᠠᠨ᠎ᠤ ᠴᠠᠩᠱᠠ᠎ᠶᠢᠨ ᠤᠯᠠᠨ ᠤᠯᠤᠰ᠎ᠤᠨ ᠬᠤᠷᠠᠯ᠎ᠤᠨ ᠲᠥᠪ᠎ᠲᠦ ᠶᠠᠪᠤᠭᠳᠠᠪᠠ᠃ ᠲᠤᠰ ᠬᠤᠷᠠᠯ ᠪᠣᠯ ᠪᠦᠬᠦ ᠪᠥᠮᠪᠥᠷᠴᠡᠭ᠎ᠦᠨ ᠪᠣᠳᠣᠯᠳᠠ᠎ᠶᠢᠨ ᠬᠦᠷᠢᠶᠡᠨ᠎ᠦ ᠲᠡᠷᠢᠭᠦᠨ ᠵᠡᠷᠭᠡ᠎ᠶᠢᠨ ᠦᠪᠡᠳᠡᠭᠰᠢ ᠬᠤᠷᠠᠯ ᠪᠣᠯᠣᠨ᠎ᠠ᠃

✦ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠵᠢᠨ ᠶᠠᠮᠤᠨ ᠤᠢᠷ᠎ᠠ᠎ᠳᠦ ᠭᠤᠷᠪᠠᠳᠤᠭᠠᠷ ᠪᠥᠯᠥᠭ᠎ᠤᠨ ᠭᠤᠤᠯᠳᠠᠯᠭ᠎ᠠ ᠲᠠᠢ ᠪᠤᠢᠵᠢᠭᠤᠯᠬᠤ ᠲᠤᠷᠰᠢᠯᠲᠠ᠎ᠵᠢᠨ ᠳᠠᠪᠴᠠᠩ᠎ᠤᠨ ᠠᠩᠬ᠎ᠠ ᠠᠯᠬᠤᠮ᠎ᠤᠨ ᠨᠡᠷᠡᠰ᠎ᠢ ᠨᠡᠢᠲᠡᠯᠡᠵᠦ᠂ ᠮᠠᠨ᠎ᠤ ᠤᠷᠤᠨ᠎ᠤ ᠬᠤᠶᠠᠷ ᠲᠤᠷᠰᠢᠯᠲᠠ᠎ᠵᠢᠨ ᠳᠠᠪᠴᠠᠩ ᠠᠮᠵᠢᠯᠲᠠ ᠲᠠᠢ ᠰᠤᠩᠭᠤᠭᠳᠠᠪᠠ᠃

✦ᠮᠠᠨᠵᠤᠤᠷ᠎ᠤᠨ ᠬᠢᠯᠢ᠎ᠵᠢᠨ ᠪᠠᠢᠴᠠᠭᠠᠯᠲᠠ᠎ᠵᠢᠨ ᠥᠷᠲᠡᠭᠡ᠎ᠵᠢᠨ ᠭᠠᠮᠰᠢᠭ᠎ᠢ ᠰᠡᠷᠭᠡᠢᠯᠡᠵᠦ ᠭᠠᠮᠰᠢᠭ᠎ᠢ ᠪᠠᠭᠠᠰᠬᠠᠬᠤ ᠴᠠᠭ ᠠᠭᠤᠷ᠎ᠤᠨ ᠦᠢᠯᠡᠴᠢᠯᠡᠭᠡᠨ᠎ᠤ ᠳᠠᠪᠴᠠᠩ᠎ᠢ ᠲᠦᠷᠦᠭᠦᠬᠡᠨ ᠮᠠᠨᠵᠤᠤᠷ᠎ᠤᠨ ᠬᠢᠯᠢ᠎ᠵᠢᠨ ᠪᠠᠢᠴᠠᠭᠠᠯᠲᠠ᠎ᠵᠢᠨ ᠥᠷᠲᠡᠭᠡ᠎ᠳᠦ ᠠᠰᠢᠭᠯᠠᠯᠲᠠ᠎ᠳᠦ ᠤᠷᠤᠭᠤᠯᠵᠤ᠂ ᠬᠢᠯᠢ᠎ᠵᠢᠨ ᠪᠤᠭᠤᠮᠲᠠ᠎ᠵᠢᠨ ᠭᠠᠮᠰᠢᠭ᠎ᠢ ᠰᠡᠷᠭᠡᠢᠯᠡᠵᠦ ᠭᠠᠮᠰᠢᠭ᠎ᠢ ᠪᠠᠭᠠᠰᠬᠠᠬᠤ ᠲᠤᠰᠬᠠᠢ ᠴᠠᠭ ᠠᠭᠤᠷ᠎ᠤᠨ ᠦᠢᠯᠡᠴᠢᠯᠡᠭᠡᠨ᠎ᠤ ᠳᠠᠪᠴᠠᠩ᠎ᠢ ᠪᠠᠢᠭᠤᠯᠪᠠ᠃

ᠠᠵᠦ ᠠᠬᠤᠢ 

✦ᠤᠯᠤᠰ᠎ᠤᠨ ᠰᠢᠤᠳᠠᠨ᠎ᠤ ᠲᠣᠪᠴᠢᠶ᠎ᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ 1 - 10 ᠰᠠᠷ᠎ᠠ᠎ᠳᠤ ᠰᠢᠤᠳᠠᠨ᠎ᠤ ᠠᠵᠢᠯ ᠲᠥᠷᠥᠯ᠎ᠦᠨ ᠲᠤᠬᠠᠢᠯᠠᠭᠰᠠᠨ ᠠᠵᠢᠯ᠎ᠤᠨ ᠣᠷᠣᠯᠭ᠎ᠠ ( ᠰᠢᠤᠳᠠᠨ᠎ᠤ ᠬᠠᠳᠠᠭᠠᠯᠠᠮᠵᠢ᠎ᠶᠢᠨ ᠪᠠᠩᠬᠢ᠎ᠶᠢᠨ ᠰᠢᠭᠤᠳ ᠡᠵᠡᠩᠨᠡᠯᠲᠡ᠎ᠶᠢᠨ ᠣᠷᠣᠯᠭ᠎ᠠ᠎ᠶᠢ ᠪᠠᠭᠲᠠᠭᠠᠬᠤ ᠦᠭᠡᠢ ) ᠨᠡᠶ᠋ᠢᠲᠡ 15485.7 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ 5.3%᠎ᠪᠠᠷ ᠨᠡᠮᠡᠭᠳᠡᠪᠡ᠃ ᠰᠢᠤᠳᠠᠨ᠎ᠤ ᠠᠵᠢᠯ ᠲᠥᠷᠥᠯ᠎ᠦᠨ ᠬᠦᠷᠭᠡᠭᠰᠡᠨ ᠲᠤᠬᠠᠢᠯᠠᠭᠰᠠᠨ ᠠᠵᠢᠯ᠎ᠤᠨ ᠬᠡᠮᠵᠢᠶ᠎ᠡ ᠨᠡᠶ᠋ᠢᠲᠡ 1830.3 ᠳ᠋ᠦᠩᠰᠢᠭᠤᠷ ᠬᠤᠪᠢ᠎ᠳᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 3.3%᠎ᠪᠠᠷ ᠨᠡᠮᠡᠭᠳᠡᠪᠡ᠃

✦18᠎ᠤ ᠡᠳᠦᠷ᠎ᠦᠨ 21 ᠴᠠᠭ ᠪᠣᠯᠲᠠᠯ᠎ᠠ᠂ 2026 ᠣᠨ᠎ᠤ ᠮᠠᠨᠳᠤᠯ ᠬᠢᠯᠢ᠎ᠵᠢᠨ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠶᠡᠷᠦᠩᠬᠡᠢ ᠬᠡᠮᠵᠢᠶ᠎ᠡ 1504.8 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 79.1%᠎ᠪᠠᠷ ᠨᠡᠮᠡᠭᠳᠡᠵᠦ᠂ ᠪᠣᠭᠣᠮᠲᠠ᠎ᠶᠢᠨ ᠨᠡᠭᠡᠭᠡᠯᠲᠡ ᠬᠢᠭᠰᠡᠨ᠎ᠡᠴᠡ ᠨᠠᠭᠠᠰᠢᠬᠢ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃

ᠲᠠᠮᠢᠷ 

✦20᠎ᠤ ᠡᠳᠦᠷ᠂ 2026 - 2027 ᠣᠨ᠎ᠤ ᠤᠷᠤᠯᠳᠤᠭᠠᠨ᠎ᠤ ᠤᠯᠠᠷᠢᠯ᠎ᠤᠨ ᠪᠥᠬᠥ ᠤᠯᠤᠰ᠎ᠤᠨ ᠣᠢᠷ᠎ᠠ ᠵᠠᠮ᠎ᠤᠨ ᠲᠦᠷᠭᠡᠨ ᠲᠡᠰᠢᠯᠲᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠣᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠎ᠦᠨ ᠣᠢᠷ᠎ᠠ ᠵᠠᠮ᠎ᠤᠨ ᠲᠦᠷᠭᠡᠨ ᠲᠡᠰᠢᠯᠲᠡ᠎ᠶᠢᠨ ᠣᠷᠳᠣᠨ᠎ᠳᠤ ᠡᠬᠢᠯᠡᠪᠡ᠃

ᠰᠤᠶᠤᠯ 

✦ᠤᠢᠷ᠎ᠠ᠎ᠳᠦ 32᠎ᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠢᠮᠲᠠᠲᠤ ᠺᠢᠨᠤ᠋᠎ᠵᠢᠨ ᠡᠷᠳᠡᠮ ᠰᠢᠨᠵᠢᠯᠡᠭᠡᠨ᠎ᠤ ᠥᠪᠡᠳᠡᠭᠰᠢ ᠶᠤᠰᠤᠯᠠᠯ᠎ᠤᠨ ᠰᠢᠯᠭᠠᠷᠠᠭᠤᠯᠤᠯᠲᠠ᠎ᠵᠢᠨ ᠦᠷ᠎ᠡ ᠳ᠋ᠦᠩ᠎ᠢ ᠨᠡᠢᠲᠡᠯᠡᠵᠦ᠂ ᠥᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠵᠢᠨ ᠵᠤᠬᠢᠶᠠᠨ ᠪᠠᠢᠭᠤᠯᠬᠤ ᠭᠡᠯᠲᠡᠰ᠎ᠤᠨ ᠰᠤᠩᠭᠤᠨ ᠳᠡᠪᠰᠢᠭᠦᠯᠦᠭᠰᠡᠨ ᠨᠠᠮ᠎ᠤᠨ ᠭᠡᠰᠢᠭᠦᠨ᠎ᠤ ᠰᠤᠷᠭᠠᠨ ᠬᠥᠮᠥᠵᠢᠯ᠎ᠤᠨ ᠬᠤᠶᠠᠷ ᠹᠢᠯᠢᠮ ᠱᠠᠩᠨᠠᠯ ᠬᠦᠷᠲᠡᠪᠡ᠃

✦20᠎ᠤ ᠡᠳᠦᠷ᠂ ᠠᠯᠠᠱᠠ ᠵᠡᠭᠦᠨ ᠬᠤᠰᠢᠭᠤᠨ᠎ᠤ ᠰᠤᠶᠤᠯ᠎ᠤᠨ ᠤᠷᠳᠤᠨ᠎ᠡᠴᠡ ᠭᠤᠤᠯᠯᠠᠨ ᠡᠷᠬᠢᠯᠡᠵᠦ᠂ ᠡᠵᠡᠨ ᠤᠷᠠᠯᠢᠭ᠎ᠤᠨ ᠪᠤᠯᠪᠠᠰᠤᠷᠠᠯ᠎ᠤᠨ ᠲᠥᠪ᠎ᠡᠴᠡ ᠳᠠᠭᠠᠭᠠᠴᠢᠯᠠᠨ ᠡᠷᠬᠢᠯᠡᠭᠰᠡᠨ ᠡᠵᠡᠨ ᠤᠷᠠᠯᠢᠭ᠎ᠤᠨ ᠪᠤᠯᠪᠠᠰᠤᠷᠠᠯ᠎ᠤᠨ ᠲᠥᠪ᠎ᠤᠨ ᠬᠤᠶᠠᠳᠤᠭᠠᠷ ᠬᠤᠭᠤᠴᠠᠭᠠᠨ᠎ᠤ ᠰᠦᠢᠳᠬᠡᠯ ᠬᠤᠷᠢᠶᠠᠬᠤ ᠦᠭᠡᠢ ᠬᠢᠴᠢᠶᠡᠯ᠎ᠤᠨ ᠬᠠᠷᠢᠭᠤ ᠮᠡᠳᠡᠭᠦᠯᠦᠯᠲᠡ᠎ᠵᠢᠨ ᠲᠤᠭᠯᠠᠯᠲᠠ ᠠᠯᠠᠱᠠ ᠵᠡᠭᠦᠨ ᠬᠤᠰᠢᠭᠤᠨ᠎ᠤ ᠰᠤᠶᠤᠯ᠎ᠤᠨ ᠤᠷᠳᠤᠨ᠎ᠤ ᠤᠷᠠᠯᠢᠭ᠎ᠤᠨ ᠲᠢᠩᠬᠢᠮ᠎ᠳᠦ ᠶᠠᠪᠤᠭᠳᠠᠪᠠ᠃

ᠲᠡᠯᠡᠬᠡᠢ 

✦20᠎ᠤ ᠡᠳᠦᠷ᠂ ᠳᠤᠮᠳᠠᠳᠤ ᠤᠯᠤᠰ᠎ᠤᠨ ᠰᠠᠨᠠᠭᠠᠴᠢᠯᠠᠨ ᠪᠠᠢᠭᠤᠯᠤᠭᠰᠠᠨ ᠣᠯᠠᠨ ᠤᠯᠤᠰ᠎ᠤᠨ ᠲᠣᠷᠭ᠎ᠠ ᠳᠤᠷᠳᠤᠩ᠎ᠤᠨ ᠵᠣᠬᠢᠶᠠᠨ ᠪᠠᠢᠭᠤᠯᠤᠯᠲᠠ ᠬᠠᠩᠵᠸᠦ᠎ᠳᠦ ᠪᠠᠢᠭᠤᠯᠤᠭᠳᠠᠪᠠ᠃

✦ᠲᠥᠪ ᠲᠸᠯᠸᠢᠰ᠎ᠤᠨ ᠮᠡᠳᠡᠭᠡ᠎ᠵᠢ ᠦᠨᠳᠦᠰᠦᠯᠡᠪᠡᠯ᠂ 20᠎ᠤ ᠡᠳᠦᠷ ᠶᠠᠫᠤᠨ᠎ᠤ ᠣᠯᠠᠨ ᠠᠷᠠᠳ᠎ᠤᠨ ᠪᠦᠯᠬᠦᠮ ᠨᠢ ᠶᠠᠫᠤᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠵᠢᠨ ᠰᠡᠷᠭᠡᠢᠯᠡᠨ ᠬᠠᠮᠠᠭᠠᠯᠠᠬᠤ ᠮᠤᠵᠢ᠎ᠳᠦ 4.7 ᠲᠦᠮᠡᠨ ᠶᠠᠫᠤᠨ᠎ᠤ ᠠᠷᠠᠳ ᠣᠯᠠᠨ᠎ᠤ ᠬᠠᠮᠲᠤᠷᠠᠨ ᠭᠠᠷ᠎ᠤᠨ ᠦᠰᠦᠭ ᠵᠢᠷᠤᠭᠰᠠᠨ ᠮᠠᠲᠧᠷᠢᠶᠠᠯ᠎ᠢ ᠲᠤᠰᠢᠶᠠᠵᠤ᠂ ᠶᠠᠫᠤᠨ᠎ᠤ ᠴᠥᠮ᠎ᠡ᠎ᠶᠢᠨ ᠬᠥᠳᠡᠯᠭᠡᠭᠦᠷᠲᠦ ᠱᠤᠩᠭᠤᠯ ᠣᠩᠭᠣᠴᠠ ᠡᠵᠡᠮᠰᠢᠬᠦ᠎ᠶᠢ ᠡᠰᠡᠷᠭᠦᠴᠡᠵᠦ᠂ ᠬᠣᠯᠪᠣᠭᠳᠠᠯ ᠪᠦᠬᠦᠢ ᠲᠥᠯᠥᠪᠯᠡᠭᠡ᠎ᠪᠡᠨ ᠪᠤᠴᠠᠭᠠᠬᠤ᠎ᠶᠢ ᠵᠠᠰᠠᠭ᠎ᠤᠨ ᠣᠷᠳᠣᠨ᠎ᠳᠤ ᠱᠠᠭᠠᠷᠳᠠᠪᠠ᠃

ᠦᠢᠯᠡᠴᠢᠯᠡᠬᠡ 

✦ᠥᠪᠥᠷ ᠮᠣᠩᠭᠣᠯ᠎ᠤᠨ ᠡᠨᠧᠷᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠠᠵᠢᠯᠲᠠᠨ ᠡᠯᠰᠡᠵᠦ ᠪᠤᠢ᠃ ᠨᠠᠷᠢᠨ ᠠᠭᠤᠯᠭ᠎ᠠ᠎ᠶᠢ 《ᠤᠤᠯ ᠵᠤᠬᠢᠶᠠᠯ᠎ᠢ ᠦᠵᠡᠬᠦ》 (阅读原文) ᠦᠰᠦᠭ᠎ᠢ ᠳᠤᠪᠴᠢᠳᠠᠵᠤ ᠦᠵᠡᠭᠡᠷᠡᠢ!

ᠲᠠᠨ᠎ᠤ ᠲᠤᠰᠠ᠎ᠳᠤ 

✦ᠤᠳᠠᠭᠠᠨ ᠰᠠᠭᠤᠪᠠᠯ ᠴᠢᠰᠤᠨ᠎ᠤ ᠡᠷᠭᠢᠯᠲᠡ᠎ᠵᠢᠨ ᠬᠤᠷᠳᠤᠴᠠ᠎ᠶᠢ ᠤᠳᠠᠭᠠᠰᠢᠷᠠᠭᠤᠯᠵᠤ᠂ ᠴᠢᠰᠤᠨ ᠰᠤᠳᠠᠯ᠎ᠤᠨ ᠬᠠᠨ᠎ᠠ᠎ᠳᠦ ᠥᠭᠡᠬᠦ ᠬᠤᠷᠠᠮᠳᠤᠨ᠎ᠠ᠃ ᠬᠥᠳᠡᠯᠭᠡᠭᠡᠨ ᠬᠢᠬᠦ ᠪᠣᠯ ᠬᠠᠷᠢᠨ ᠵᠢᠷᠦᠬᠡ ᠴᠢᠰᠤᠨ ᠰᠤᠳᠠᠯ᠎ᠤᠨ ᠡᠪᠡᠳᠴᠢᠨ᠎ᠢ ᠤᠷᠢᠳᠴᠢᠯᠠᠨ ᠰᠡᠷᠭᠡᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠠᠢᠵᠤ᠂ ᠥᠪᠡᠷ᠎ᠦᠨ ᠪᠡᠶ᠎ᠡ᠎ᠳᠡᠭᠡᠨ ᠲᠣᠬᠢᠷᠠᠭᠰᠠᠨ ᠬᠥᠳᠡᠯᠭᠡᠭᠡᠨ᠎ᠢ ᠵᠢᠮ᠎ᠡ ᠶᠣᠰᠣ᠌ ᠲᠠᠢ᠂ ᠵᠣᠬᠢᠬᠤ ᠬᠡᠮᠵᠢᠶ᠎ᠡ᠎ᠪᠡᠷ᠂ ᠠᠯᠬᠤᠮ ᠳᠠᠷᠠᠭ᠎ᠠ᠎ᠲᠠᠢ᠎ᠪᠠᠷ ᠬᠢᠪᠡᠯ ᠵᠤᠬᠢᠨ᠎ᠠ᠃ ᠶᠡᠷᠦ᠎ᠳᠡᠭᠡᠨ ᠳᠤᠮᠳᠠ ᠵᠡᠷᠭᠡ᠎ᠶᠢᠨ ᠬᠦᠴᠦᠯᠡᠴᠡ᠎ᠲᠠᠢ ᠬᠦᠴᠢᠯᠲᠥ᠋ᠷᠥᠭᠴᠢᠲᠦ ᠬᠥᠳᠡᠯᠭᠡᠭᠡᠨ ᠬᠢᠪᠡᠯ ᠲᠣᠬᠢᠷᠠᠮᠵᠢᠲᠠᠢ ᠪᠠᠢᠵᠤ᠂ ᠤᠳᠠᠭ᠎ᠠ ᠪᠦᠷᠢ ᠪᠠᠷᠤᠭ 30 - 50 ᠮᠢᠨᠦ᠋ᠲ᠂ ᠭᠠᠷᠠᠭ ᠪᠦᠷᠢ 3 - 5 ᠤᠳᠠᠭ᠎ᠠ ᠬᠢᠪᠡᠯ ᠵᠤᠬᠢᠨ᠎ᠠ᠃

ᠵᠠᠯᠭᠠᠭᠠᠳ 《ᠠᠯᠲᠠᠢ᠎ᠵᠢᠨ ᠳᠤᠮᠤᠭᠲᠤ ᠦᠵᠦᠮᠦᠴᠢᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ  ᠪᠠᠶᠠᠷᠯᠠᠯ᠎ᠠ᠂  ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)

  • ᠨᠠᠢᠷᠠᠭᠤᠯᠤᠭ᠍ᠴᠢ᠄

    ᠤᠷᠠᠨᠲᠠᠨ᠎ᠠ

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面