ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-23 10:44:26

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

               



               


       ᠨᠡᠢᠭᠡᠮ 

✦ᠤᠰᠤᠨ ᠠᠰᠢᠭ᠍ᠯᠠᠯᠲᠠ᠎ᠶᠢᠨ ᠶᠠᠮᠤᠨ ᠣᠢᠷ᠎ᠠ᠎ᠳᠤ 《ᠤᠰᠤᠨ ᠠᠰᠢᠭ᠍ᠯᠠᠯᠲᠠ ᠶ᠋ᠢᠨ ᠶᠠᠮᠤᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠎ᠦ ᠬᠥᠮᠥᠷᠭᠡ ᠪᠠ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠎ᠦ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》 ᠵᠢᠴᠢ ᠢᠵᠢ ᠪᠦᠷᠢᠳᠦᠭᠰᠡᠨ ᠪᠢᠴᠢᠭ ᠮᠠᠲᠧᠷᠢᠶᠠᠯ᠎ᠢ ᠳᠠᠷᠤᠮᠠᠯᠯᠠᠨ ᠲᠠᠷᠬᠠᠭᠠᠪᠠ᠃

✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠠᠴᠠ ᠣᠢᠯᠠᠭᠠᠭᠰᠠᠨ᠎ᠢᠶᠠᠷ᠂ ᠣᠳᠣᠬᠠᠨ᠎ᠳᠤ ᠮᠠᠨ᠎ᠤ ᠤᠯᠤᠰ᠎ᠤᠨ 5G ᠵᠢᠨ ᠬᠡᠷᠡᠭᠯᠡᠯᠳᠡ ᠨᠢᠭᠡᠨᠲᠡ ᠪᠥᠬᠥ ᠤᠯᠤᠰ ᠠᠷᠠᠳ᠎ᠤᠨ ᠠᠵᠤ ᠠᠬᠤᠢ᠎ᠶᠢᠨ 97 ᠶᠡᠬᠡ ᠲᠥᠷᠥᠯ᠎ᠳᠦ ᠠᠭᠤᠰᠤᠨ ᠣᠷᠣᠵᠤ᠂ ᠠᠵᠤ ᠦᠢᠯᠡᠳᠪᠦᠷᠢ᠎ᠶᠢᠨ ᠢᠨᠲᠧᠷ ᠰᠦᠯᠵᠢᠶ᠎ᠡ ᠪᠥᠬᠥ ᠠᠵᠤ ᠦᠢᠯᠡᠳᠪᠦᠷᠢ᠎ᠶᠢᠨ 41 ᠶᠡᠬᠡ ᠲᠥᠷᠥᠯ᠎ᠢ ᠬᠠᠮᠤᠷᠤᠭᠰᠠᠨ ᠪᠠᠢᠨ᠎ᠠ᠃

✦21᠎ᠦ ᠡᠳᠦᠷ᠂《ᠳᠤᠮᠳᠠᠳᠤ ᠤᠯᠤᠰ᠎ᠤᠨ ᠣᠷᠣᠨ ᠪᠦᠰᠡ᠎ᠶᠢᠨ ᠰᠢᠨ᠎ᠡ ᠶ᠋ᠢ ᠡᠭᠦᠳᠬᠦ ᠴᠢᠳᠠᠪᠤᠷᠢ᠎ᠶᠢᠨ ᠦᠨᠡᠯᠡᠯᠲᠡ᠎ᠶᠢᠨ ᠮᠡᠳᠡᠭᠦᠯᠦᠯᠲᠡ 2026》ᠶ᠋ᠢ ᠨᠡᠢᠲᠡᠯᠡᠵᠦ᠂ ᠥᠪᠥᠷ ᠮᠣᠩᠭᠣᠯ 19 ᠳ᠋ᠤᠭᠡᠷ ᠲᠦ᠍ ᠵᠢᠭᠰᠠᠪᠠ᠃ ᠡᠨᠡ ᠪᠣᠯ ᠮᠠᠨ᠎ᠤ ᠣᠷᠣᠨ᠎ᠤ ᠰᠢᠨ᠎ᠠ ᠵᠢ ᠡᠭᠦᠳᠬᠦ ᠴᠢᠳᠠᠪᠤᠷᠢ 2023 ᠣᠨ ᠠ᠋ᠴᠠ ᠨᠠᠭᠠᠰᠢ 4 ᠵᠢᠯ ᠳᠠᠷᠠᠭᠠᠯᠠᠨ ᠲᠣᠭᠲᠠᠭᠤᠨ᠎ᠢᠶᠠᠷ ᠳᠡᠭᠡᠭᠰᠢᠯᠡᠵᠦ᠂ ᠨᠡᠶ᠋ᠢᠲᠡ 11 ᠪᠠᠢᠷᠢ ᠠᠬᠢᠵᠤ ᠪᠠᠢᠭ᠎ᠠ ᠶᠠᠪᠤᠳᠠᠯ ᠪᠣᠯᠣᠨ᠎ᠠ᠃

✦ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠦᠨ ᠵᠦᠢᠯᠡᠰ᠎ᠦᠨ ᠬᠢᠨᠠᠯᠲᠠ ᠬᠠᠮᠢᠶᠠᠷᠤᠯᠲᠠ ᠎ᠶᠢᠨ ᠲᠣᠪᠴᠢᠶ᠎ᠠ᠎ᠠᠴᠠ ᠬᠠᠯᠳᠠᠪᠤᠷᠢᠲᠤ ᠲᠠᠭᠰᠢᠭᠤᠷ ᠣᠯᠠᠨ ᠡᠭᠦᠰᠬᠦ ᠬᠤᠭᠤᠴᠠᠭᠠᠨ᠎ᠳᠠᠬᠢ ᠡᠮ᠎ᠦᠨ ᠵᠦᠢᠯᠡᠰ ᠦ᠋ᠨ ᠠᠮᠤᠷ ᠲᠦᠪᠰᠢᠨ ᠬᠡᠷᠡᠭᠯᠡᠭᠡᠨ ᠎ᠦ ᠰᠠᠨᠠᠭᠤᠯᠤᠮᠵᠢ ᠨᠡᠢᠲᠡᠯᠡᠵᠦ᠂ ᠥᠷᠭᠡᠨ ᠤᠯᠠᠨ ᠬᠡᠷᠡᠭᠯᠡᠭᠴᠢᠳ ᠡᠪᠡᠳᠴᠢᠨ ᠳ᠋ᠦ᠍ ᠳᠤᠬᠢᠷᠠᠭᠤᠯᠵᠤ ᠡᠮ ᠬᠡᠷᠡᠭᠯᠡᠬᠦ᠂ ᠰᠢᠨᠵᠢᠯᠡᠬᠦ ᠤᠬᠠᠭᠠᠨᠴᠢ᠎ᠪᠠᠷ ᠡᠮ ᠬᠡᠷᠡᠭᠯᠡᠬᠦ᠎ᠶᠢ ᠪᠠᠷᠢᠮᠲᠠᠯᠠᠵᠤ᠂ ᠥᠪᠡᠷ᠎ᠦᠨ ᠪᠡᠶ᠎ᠡ ᠪᠣᠯᠣᠨ ᠭᠡᠷ ᠦ᠋ᠨ ᠬᠥᠮᠥᠰ᠎ᠦᠨ᠎ᠢᠶᠡᠨ ᠡᠷᠡᠭᠦᠯ ᠮᠡᠨᠳᠦ᠎ᠶᠢᠨ ᠠᠮᠤᠷ ᠲᠦᠪᠰᠢᠨ᠎ᠢ ᠬᠠᠮᠠᠭᠠᠯᠠᠬᠤ ᠬᠡᠷᠡᠭᠲᠡᠢ ᠭᠡᠵᠡᠢ᠃

✦21᠎ᠦ ᠡᠳᠦᠷ᠂ ᠬᠠᠲᠤᠨ ᠭᠣᠣᠯ᠎ᠤᠨ ᠪᠤᠭᠤᠲᠤ᠎ᠡᠴᠡ ᠬᠥᠬᠡᠬᠣᠲᠠ ᠬᠦᠷᠬᠦ ᠬᠡᠰᠡᠭ ᠲᠦ᠍ ᠰᠥᠩ ᠬᠠᠯᠢᠶ᠎ᠠ ᠢᠯᠡᠷᠡᠵᠦ᠂ ᠨᠢᠭᠲᠠᠴᠠ ᠨᠢ ᠪᠠᠷᠤᠭ 5% ᠪᠠᠢᠵᠤ᠂ ᠨᠡᠶ᠋ᠢᠲᠡ 34 ᠺᠢᠯᠣᠮᠧᠲᠷ ᠦᠷᠬᠦᠯᠵᠢᠯᠡᠵᠡᠢ᠃ ᠡᠨᠡ ᠵᠢᠯ᠎ᠤᠨ ᠰᠥᠩ ᠬᠠᠯᠢᠶ᠎ᠠ ᠨᠢ ᠨᠢᠳᠤᠨᠤᠨ᠎ᠤ ᠬᠢ᠎ᠡᠴᠡ 2 ᠡᠳᠦᠷ ᠣᠷᠣᠶ᠋ᠢᠲᠠᠵᠠᠶ᠃ ᠡᠨᠡ ᠨᠢ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ 2026 ᠣᠨ ᠠ᠋ᠴᠠ 2027 ᠣᠨ᠎ᠤ ᠰᠦᠨᠭ ᠬᠠᠯᠢᠶ᠎ᠠ ᠵᠢᠨ ᠬᠤᠭᠤᠴᠠᠭᠠᠨ᠎ᠳᠤ ᠣᠷᠣᠭᠰᠠᠨ ᠢ᠋ ᠬᠠᠷᠠᠭᠤᠯᠵᠤ ᠪᠠᠢᠨ᠎ᠠ᠃

✦ᠡᠨᠡ ᠵᠢᠯ ᠪᠡᠭᠡᠵᠢᠩ᠎ᠦᠨ ᠡᠯ᠎ᠡ ᠡᠮᠨᠡᠯᠭᠡ᠎ᠶᠢᠨ ᠬᠣᠷᠢᠶ᠎ᠠ᠎ᠠᠴᠠ ᠲᠦᠨᠭᠯᠢᠶᠤᠤ  ᠬᠤᠳᠠ ᠳ᠋ᠤ 28 ᠭᠣᠣᠯᠯᠠᠭ᠍ᠴᠢ ᠡᠮᠴᠢ ᠲᠣᠮᠢᠯᠠᠨ ᠪᠠᠢᠩᠭᠤ᠎ᠶᠢᠨ ᠴᠢᠨᠠᠷᠲᠠᠢ ᠴᠡᠭ᠎ᠲᠦ ᠰᠠᠭᠤᠵᠤ ᠲᠤᠰᠠᠯᠠᠬᠤ ᠠᠵᠢᠯᠯᠠᠭ᠎ᠠ ᠥᠷᠨᠢᠭᠦᠯᠵᠦ᠂ ᠡᠭᠦᠳᠡᠨ ᠡᠮᠨᠡᠯᠭᠡ᠎ᠶᠢᠨ ᠡᠪᠡᠳᠴᠢᠲᠡᠨ᠎ᠢ ᠨᠡᠶ᠋ᠢᠲᠡ 3369 ᠬᠥᠮᠥᠨ ᠤᠳᠠᠭ᠎ᠠ ᠭᠥᠯᠢᠶᠡᠨ ᠠᠪᠴᠤ᠂ 96 ᠮᠡᠰᠡ ᠵᠠᠰᠠᠯ ᠬᠢᠪᠠ᠃

✦ᠬᠣᠥᠯᠢᠨᠭᠭᠣᠣᠯ ᠬᠣᠲᠠ᠎ᠶᠢᠨ 2026 ᠣᠨ᠎ᠤ ᠡᠪᠦᠯ᠎ᠦᠨ ᠤᠯᠠᠷᠢᠯ᠎ᠤᠨ ᠨᠡᠭᠦᠷᠡᠰᠦ ᠲᠠᠷᠬᠠᠭᠠᠬᠤ ᠠᠵᠢᠯ ᠶᠠᠭ ᠡᠮᠬᠢ ᠵᠢᠷᠤᠮ᠎ᠲᠠᠢ ᠶᠠᠪᠤᠭᠳᠠᠵᠤ᠂ ᠲᠣᠰ ᠤᠳᠠᠭ᠎ᠠ ᠳ᠋ᠤ 2271 ᠮᠠᠯᠴᠢᠨ ᠲᠠᠷᠢᠶᠠᠴᠢᠨ᠎ᠡᠷᠦᠬᠡ ᠳ᠋ᠤ ᠵᠢᠱ᠌ᠢᠯᠲᠡ᠎ᠪᠡᠷ 4542 ᠲᠣᠨ ᠨᠡᠭᠦᠷᠡᠰᠦ ᠲᠠᠷᠬᠠᠭᠠᠵᠤ ᠦᠭᠭᠦ ᠪᠣᠯᠣᠨ᠎ᠠ᠃

✦ᠲᠦᠷᠦᠭᠦᠬᠡᠨ 2026 ᠣᠨ᠎ᠤ ᠬᠠᠩᠭᠢᠨ ᠬᠣᠰᠢᠭᠤᠨ᠎ᠤ ᠡᠪᠦᠯ᠎ᠦᠨ ᠤᠯᠠᠷᠢᠯ᠎ᠤᠨ ᠲᠣᠮᠣ᠌ ᠬᠡᠯᠪᠡᠷᠢ᠎ᠶᠢᠨ ᠠᠵᠢᠯᠲᠠᠨ ᠡᠯᠰᠡᠬᠦ ᠴᠤᠭᠯᠠᠭᠠᠨ ᠵᠢᠴᠢ ᠵᠠᠯᠠᠭᠤ ᠴᠢᠳᠠᠪᠤᠷᠢᠲᠠᠨ ᠤ᠋ ᠥᠷᠲᠡᠭᠡ᠎ᠶᠢᠨ ᠴᠢᠳᠠᠪᠤᠷᠢᠲᠠᠨ᠎ᠤ ᠲᠠᠨᠢᠯᠴᠠᠭᠤᠯᠭ᠎ᠠ᠎ᠶᠢᠨ ᠠᠵᠢᠯᠯᠠᠭ᠎ᠠ ᠰᠢᠨᠡᠪᠠᠯᠭᠠᠰᠤᠨ᠎ᠳᠤ ᠶᠠᠪᠤᠭᠳᠠᠵᠦ 540 ᠭᠠᠷᠤᠢ ᠠᠵᠢᠯ᠎ᠤᠨ ᠪᠠᠢᠷᠢ ᠬᠠᠩᠭᠠᠭᠰᠠᠨ ᠪᠠᠢᠨ᠎ᠠ᠃

 

 

✦ᠣᠢᠷ᠎ᠠ ᠶ᠋ᠢᠨ ᠵᠢᠯ᠎ᠡᠴᠡ ᠨᠠᠭᠠᠰᠢ᠂ ᠨᠠᠢ᠍ᠮᠠᠨ ᠬᠣᠰᠢᠭᠤᠨ᠎ᠤ ᠬᠥᠮᠥᠨ᠎ᠦ ᠬᠦᠴᠦ᠎ᠪᠡᠷ ᠳᠠᠷᠢᠭ᠍ᠰᠠᠨ ᠡᠮ᠎ᠦᠨ ᠮᠠᠲᠧᠷᠢᠶᠠᠯ᠎ᠤᠨ ᠲᠠᠯᠠᠪᠠᠶ ᠣᠯᠠᠨ ᠵᠢᠯ ᠳᠠᠷᠠᠭᠠᠯᠠᠨ 10 ᠲᠦᠮᠡᠨ ᠮᠦ᠍ ᠣᠷᠴᠢᠮ᠎ᠳᠤ ᠲᠣᠭᠲᠠᠪᠤᠷᠢᠵᠢᠵᠤ᠂ 15 ᠰᠤᠮᠤ ᠰᠢᠶᠠᠩ ᠪᠠᠯᠭᠠᠰᠤᠨ᠎ᠤ 100 ᠭᠠᠷᠤᠢ ᠵᠠᠰᠠᠭ ᠵᠠᠬᠢᠷᠭᠠᠨ᠎ᠤ ᠲᠣᠰᠬᠣᠨ᠎ᠳᠤ ᠬᠣᠯᠪᠣᠭᠳᠠᠵᠤ᠂ 3000 ᠰᠢᠬᠠᠮ ᠡᠷᠦᠬᠡ ᠡᠮ᠎ᠦᠨ ᠮᠠᠲᠧᠷᠢᠶᠠᠯ ᠳᠠᠷᠢᠵᠤ ᠪᠠᠢᠨ᠎ᠠ᠃

 

✦ᠣᠢᠷ᠎ᠠ᠎ᠳᠤ ᠳᠣᠯᠣᠳᠤᠭᠠᠷ ᠬᠤᠭᠤᠴᠠᠭᠠᠨ᠎ᠤ ᠦᠨᠳᠦᠰᠦᠲᠡᠨ᠎ᠦ ᠤᠷᠠᠨ ᠵᠢᠷᠤᠭ ᠤ᠋ᠨ ᠪᠦᠲᠦᠭᠡᠯ ᠦ᠋ᠨ ᠦᠵᠡᠰᠬᠦᠯᠡᠩ ᠥᠪᠥᠷ ᠮᠣᠩᠭᠣᠯ᠎ᠤᠨ ᠤᠷᠠᠨ ᠵᠢᠷᠤᠭ ᠤ᠋ᠨ ᠣᠷᠳᠣᠨ᠎ᠳᠤ ᠡᠬᠢᠯᠡᠪᠡ ᠃ ᠲᠣᠰ ᠬᠤᠭᠤᠴᠠᠭᠠᠨ᠎ᠤ ᠦᠵᠡᠰᠬᠦᠯᠡᠩ ᠳ᠋ᠦ ᠠᠩᠬ᠎ᠠ ᠤᠳᠠᠭ᠎ᠠ ᠲᠣᠰᠣᠨ ᠪᠤᠳᠤᠭ᠎ᠤᠨ ᠵᠢᠷᠤᠭ ᠵᠡᠷᠭᠡ ᠵᠢᠷᠭᠤᠭᠠᠨ ᠲᠥᠷᠥᠯ᠎ᠤᠨ 387 ᠰᠣᠳᠣᠨ ᠪᠦᠲᠦᠭᠡᠯ ᠢ᠋ ᠳᠡᠯᠭᠡᠨ ᠦᠵᠡᠭᠦᠯᠪᠡ᠃

✦20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ 2026 ᠣᠨ᠎ᠤ ᠤᠯᠠᠭᠠᠨᠮᠥ᠋ᠴᠢᠷ᠎ᠦᠨ ᠦᠨᠳᠦᠰᠦᠨ ᠱᠠᠲᠤᠨ᠎ᠤ ᠦᠢᠯᠡᠴᠢᠯᠡᠭᠡᠨ᠎ᠦ ᠠᠵᠢᠯᠯᠠᠭ᠎ᠠ ᠪᠤᠭᠤᠲᠤ ᠬᠣᠲᠠ᠎ᠳᠤ ᠡᠬᠢᠯᠡᠵᠦ᠂ ᠪᠥᠬᠥ ᠣᠷᠣᠨ᠎ᠤ ᠡᠯ᠎ᠡ ᠤᠯᠠᠭᠠᠨᠮᠥ᠋ᠴᠢᠷ ᠤ᠋ᠨ ᠰᠠᠯᠪᠤᠷᠢ ᠠᠩᠭᠢ ᠣᠯᠠᠨ ᠲᠦᠮᠡᠨ᠎ᠦ ᠳᠡᠷᠭᠡᠳᠡ ᠬᠦᠷᠴᠦ ᠲᠣᠭᠯᠠᠯᠲᠠ᠎ᠶᠢᠨ ᠦᠢᠯᠡᠴᠢᠯᠡᠭᠡ ᠥᠷᠨᠢᠭᠦᠯᠬᠦ ᠪᠤᠯᠤᠨ᠎ᠠ᠃

 

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠹᠷᠠᠨᠼᠢ᠎ᠶᠢᠨ ᠫᠠᠷᠢᠰ ᠵᠡᠷᠭᠡ ᠤᠯᠠᠨ ᠭᠠᠵᠠᠷ᠎ᠤᠨ ᠠᠷᠠᠳ ᠢᠷᠭᠡᠳ 21 ᠎ᠦ ᠡᠳᠦᠷ ᠰᠢᠨ᠎ᠡ ᠰᠦᠷᠲᠦ ᠵᠢᠭ᠍ᠰᠠᠭᠠᠯ ᠶᠠᠪᠤᠭᠤᠯᠪᠠ᠃ ᠡᠨᠡ ᠪᠤᠯ ᠹᠷᠠᠨᠼᠢ ᠳ᠋ᠤ 10 ᠰᠠᠷ᠎ᠠ  ᠶ᠋ᠢᠨ 17᠎ᠤ ᠡᠳᠦᠷ ᠡᠰᠡᠷᠭᠦᠴᠡᠯ᠎ᠤᠨ ᠠᠵᠢᠯᠯᠠᠭ᠎ᠠ ᠭᠠᠷᠤᠭᠰᠠᠨ ᠠ᠋ᠴᠠ ᠨᠠᠭᠠᠰᠢ ᠵᠢᠷᠭᠤᠳᠠᠬᠢ ᠤᠳᠠᠭ᠎ᠠ ᠵᠢᠨ ᠭᠠᠷᠠᠭ᠎ᠤᠨ ᠵᠢᠷᠭᠤᠭᠠᠨ᠎ᠳᠤ ᠰᠦᠷᠲᠦ ᠵᠢᠭ᠍ᠰᠠᠭᠠᠯ ᠶᠠᠪᠤᠭᠤᠯᠵᠤ ᠪᠠᠢᠭ᠎ᠠ ᠶᠠᠪᠤᠳᠠᠯ ᠪᠤᠯᠤᠨ᠎ᠠ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠺᠠᠨᠠᠳᠠ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ᠎ᠤ ᠰᠠᠢᠳ 21 ᠎ᠦ ᠡᠳᠦᠷ ᠢᠯᠡᠷᠬᠡᠢᠯᠡᠬᠦ ᠳ᠋ᠡᠭᠡᠨ᠂ ᠺᠠᠨᠠᠳᠠ ᠤᠮᠠᠷᠠᠲᠤ ᠠᠲᠯᠠᠨᠲ ᠳᠠᠯᠠᠢ᠎ᠶᠢᠨ ᠨᠡᠶ᠋ᠢᠲᠡ ᠶ᠋ᠢᠨ ᠭᠡᠷ᠎ᠡ᠎ᠶᠢᠨ ᠵᠣᠬᠢᠶᠠᠨ ᠪᠠᠢᠭᠤᠯᠤᠯᠲᠠ᠎ᠶᠢᠨ ᠰᠢᠨ᠎ᠡ᠎ᠶᠢ ᠡᠭᠦᠳᠬᠦ ᠰᠠᠭᠤᠷᠢ ᠮᠥᠩᠭᠥᠨ ᠤ᠋ ᠵᠤᠬᠢᠶᠠᠨ ᠪᠠᠢᠭᠤᠯᠤᠯᠳᠠ᠎ᠳᠦ ᠣᠷᠣᠵᠤ᠂ ᠲᠤᠰ ᠰᠠᠭᠤᠷᠢ ᠮᠥᠩᠭᠥ᠎ᠳᠦ ᠣᠷᠣᠯᠴᠠᠭᠰᠠᠨ 25 ᠳ᠋ᠤᠭᠠᠷ ᠬᠡᠰᠢᠭᠦᠨ ᠤᠯᠤᠰ ᠪᠣᠯᠤᠭᠰᠠᠨ ᠪᠥᠭᠡᠳ ᠪᠠᠰᠠ ᠤᠮᠠᠷᠠᠲᠤ ᠠᠮᠧᠷᠢᠺᠠ ᠲᠢᠪ᠎ᠤᠨ ᠠᠩᠬᠠᠳᠠᠭ᠍ᠴᠢ ᠲᠤᠰ ᠰᠠᠭᠤᠷᠢ ᠮᠥᠩᠭᠥ᠎ᠳᠦ ᠣᠷᠣᠯᠴᠠᠭᠰᠠᠨ ᠬᠡᠰᠢᠭᠦᠨ ᠤᠯᠤᠰ ᠪᠣᠯᠵᠠᠢ ᠭᠡᠵᠦ ᠨᠡᠢᠲᠡᠯᠡᠪᠡ᠃

 

✦ᠤᠯᠠᠭᠠᠨᠬᠠᠳᠠ ᠬᠤᠳᠠ ᠵᠢᠨ ᠶᠤᠸᠠᠨ ᠪᠦᠦ ᠱᠠᠨ ᠲᠤᠭᠤᠷᠢᠭ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ ᠤ᠋ᠨ ᠪᠠᠢᠷᠢ ᠳ᠋ᠤ 34 ᠠᠵᠢᠯᠲᠠᠨ ᠡᠯᠰᠡᠨ᠎ᠠ᠃ 

 

✦ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ 2 ᠵᠢᠯ ᠳᠠᠷᠠᠭᠠᠯᠠᠭᠠᠳ ᠡᠳᠦᠷ ᠪᠦᠷᠢ ᠪᠠᠷᠤᠭ ᠳᠣᠯᠣᠭ᠎ᠠ ᠨᠠᠢ᠍ᠮᠠᠨ ᠬᠤᠪᠢ ᠵᠢᠨ ᠴᠠᠳᠬᠤᠯᠠᠡᠭ ᠪᠠᠢᠳᠠᠯ᠎ᠢ ᠪᠠᠷᠢᠮᠲᠠᠯᠠᠵᠤ ᠳᠡᠢᠯᠪᠡᠯ ᠴᠢᠰᠤᠨ ᠳᠣᠲᠣᠷᠠᠬᠢ ᠦᠷᠪᠢᠰᠦᠯ ᠡᠭᠦᠰᠬᠡᠬᠦ ᠨᠥᠬᠥᠪᠦᠷᠢ ᠴᠣᠭᠴᠠ ᠶ᠋ᠢᠨ ᠤᠭᠤᠷᠠᠭ ᠮᠡᠳᠡᠭᠳᠡᠮ᠎ᠡ ᠪᠠᠭᠠᠰᠴᠤ᠂ ᠬᠥᠮᠥᠨ᠎ᠦ ᠪᠡᠶ᠎ᠡ᠎ᠶᠢᠨ ᠤᠳᠠᠭᠠᠨ ᠴᠢᠨᠠᠷᠲᠠᠢ ᠦᠷᠪᠢᠰᠦᠯ᠎ᠢ ᠪᠦᠲᠦᠮᠵᠢᠲᠡᠶ ᠬᠣᠷᠢᠭ᠍ᠯᠠᠵᠤ ᠲᠠᠶ᠋ᠢᠯᠤᠨ᠎ᠠ᠃

 

ᠵᠠᠯᠭᠠᠭᠠᠳ《ᠴᠡᠨᠭᠬᠡᠷ ᠴᠠᠭᠠᠨ ᠡᠭᠦᠯᠡ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ!ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠤ  ᠪᠠᠶᠠᠷᠯᠠᠯ᠎ᠠ᠂  ᠪᠠᠶᠠᠷᠳᠠᠢ!

 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠮᠥᠩᠬᠡᠪᠠᠶᠠᠷ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面