ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-24 11:42:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


   


ᠨᠡᠢᠭᠡᠮ                                           

✦ᠣᠳᠣᠬᠠᠨ ᠪᠣᠯᠲᠠᠯ᠎ᠠ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢᠶᠡᠷ ᠳᠠᠮᠵᠢᠨ ᠤᠮᠠᠷᠠᠲᠤ ᠣᠷᠣᠨ ᠳ᠋ᠤ᠌ ᠨᠡᠢᠲᠡ 920 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠲᠠᠵᠤ᠂ 2 ᠳ᠋ᠦᠩᠰᠢᠭᠤᠷ ᠰᠢᠬᠠᠮ ᠬᠥᠮᠥᠨ ᠠᠮᠠ᠎ᠳᠤ ᠠᠰᠢᠭ᠋ ᠬᠦᠷᠲᠡᠭᠡᠪᠡ᠃

✦ᠳᠤᠮᠳᠠᠳᠤ ᠤᠯᠤᠰ᠎ᠤᠨ ᠠᠷᠠᠳ᠎ᠤᠨ ᠪᠠᠩᠬᠢ 2026 ᠣᠨ᠎ᠤ 11 ᠰᠠᠷ᠎ᠠ᠎ᠶᠢᠨ 27᠎ᠤ ᠡᠳᠦᠷ 2027 ᠳᠤᠮᠳᠠᠳᠤ ᠤᠯᠤᠰ᠎ᠤᠨ ᠤᠯᠠᠭᠠᠭ᠍ᠴᠢᠨ ᠬᠣᠨᠢᠨ ᠵᠢᠯ᠎ᠦᠨ ᠳᠤᠷᠠᠰᠬᠠᠯ᠎ᠤᠨ ᠵᠣᠭᠣᠰ᠎ᠢ ᠲᠠᠷᠬᠠᠭᠠᠬᠤ᠎ᠪᠠᠷ ᠲᠣᠭᠲᠠᠪᠠ᠃ ᠲᠤᠰ ᠢᠵᠢ ᠳᠤᠷᠠᠰᠬᠠᠯ᠎ᠤᠨ ᠵᠣᠭᠣᠰ ᠨᠡᠶ᠋ᠢᠲᠡ 11 ᠪᠠᠢᠵᠤ᠂ ᠡᠭᠦᠨ᠎ᠤ ᠳᠣᠲᠣᠷ᠎ᠠ 6 ᠠᠯᠲᠠᠨ ᠳᠤᠷᠠᠰᠬᠠᠯ᠎ᠤᠨ ᠵᠣᠭᠣᠰ᠂ 4 ᠮᠥᠩᠭᠥᠨ ᠳᠤᠷᠠᠰᠬᠠᠯ᠎ᠤᠨ ᠵᠣᠭᠣᠰ᠂ 1 ᠴᠠᠭᠠᠨ ᠠᠯᠲᠠᠨ ᠳᠤᠷᠠᠰᠬᠠᠯ᠎ᠤᠨ ᠵᠣᠭᠣᠰ ᠪᠤᠢ᠂ ᠡᠳᠡᠭᠡᠷ ᠨᠢ ᠴᠥᠮ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ᠎ᠪᠠᠷ ᠲᠣᠭᠲᠠᠭᠠᠭᠰᠠᠨ ᠵᠣᠭᠣᠰ᠎ᠲᠤ ᠪᠠᠭᠲᠠᠨ᠎ᠠ᠃

✦ᠤᠢᠷ᠎ᠠ᠎ᠳᠤ ᠥᠪᠥᠷ ᠮᠣᠩᠭᠣᠯ᠎ᠤᠨ ᠪᠠᠢᠭᠠᠯᠢ᠎ᠶᠢᠨ ᠮᠦᠽᠧᠢ᠂  ᠶᠦᠨᠨᠠᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠡᠷᠲᠡᠨ᠎ᠤ ᠰᠡᠭᠡᠷᠲᠡᠨ ᠪᠠ ᠡᠷᠲᠡᠨ᠎ᠦ ᠬᠥᠮᠥᠨ ᠲᠥᠷᠥᠯᠬᠢᠲᠡᠨ᠎ᠦ ᠰᠤᠳᠤᠯᠭᠠᠨ᠎ᠦ ᠭᠠᠵᠠᠷ᠂ ᠮᠦᠭᠳᠡᠨ᠎ᠦ ᠪᠠᠭ᠍ᠰᠢ ᠎ᠶᠢᠨ ᠶᠡᠬᠡ ᠰᠤᠷᠭᠠᠭᠤᠯᠢ ᠵᠡᠷᠭᠡ ᠨᠢᠭᠡᠴᠢ᠎ᠪᠠᠷ ᠪᠦᠷᠢᠯᠳᠦᠭᠰᠡᠨ ᠬᠠᠮᠲᠤᠷᠠᠭᠰᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ ᠣᠯᠠᠨ ᠤᠯᠤᠰ᠎ᠤᠨ ᠡᠷᠲᠡᠨ᠎ᠦ ᠠᠮᠢᠳᠤ ᠪᠣᠳᠠᠰ᠎ᠤᠨ ᠬᠤᠭᠤᠴᠠᠭᠠᠲᠤ ᠰᠡᠳᠬᠦᠯ《Fossil Record》᠎ᠳᠤ ᠥᠭᠦᠯᠡᠯ ᠨᠡᠢᠲᠡᠯᠡᠵᠦ᠂ ᠡᠷᠢᠶᠡᠨ᠎ᠦ ᠬᠣᠲᠣᠭᠣᠷ᠎ᠠᠴᠠ ᠡᠷᠲᠡᠨ᠎ᠦ ᠴᠠᠷᠳᠠ᠎ᠶᠢᠨ ᠭᠠᠯᠪᠠ ᠵᠢᠨ ᠦᠶ᠎ᠡ᠎ᠶᠢᠨ ᠨᠤᠭᠤᠰᠤᠨ ᠬᠣᠰᠢᠭᠤᠲᠤ ᠠᠪᠤᠷᠭᠤ ᠬᠦᠷᠪᠡᠯ᠎ᠤᠨ ᠴᠢᠯᠠᠭᠤᠵᠢᠮᠠᠯ᠎ᠢ ᠠᠩᠬ᠎ᠠ ᠢᠯᠡᠷᠡᠭᠦᠯᠦᠭᠰᠡᠨ᠎ᠢ ᠮᠡᠳᠡᠭᠡᠯᠡᠭᠰᠡᠨ ᠪᠠᠢᠨ᠎ᠠ᠃ ᠲᠤᠰ ᠴᠢᠯᠠᠭᠤᠵᠢᠮᠠᠯ᠎ᠢ ᠥᠪᠥᠷ ᠮᠣᠩᠭᠣᠯ᠎ᠤᠨ ᠰᠢᠯᠢ᠎ᠶᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠰᠢᠭᠤᠨ᠎ᠤ ᠡᠵᠢᠨᠠᠭᠤᠷ ᠪᠠᠯᠭᠠᠰᠤ᠎ᠠᠴᠠ ᠢᠯᠡᠷᠡᠭᠦᠯᠦᠭᠰᠡᠨ ᠪᠥᠭᠡᠳ ᠡᠨᠡ ᠨᠢ ᠡᠷᠢᠶᠡᠨ᠎ᠦ  ᠬᠣᠲᠣᠭᠣᠷ᠎ᠤᠨ ᠴᠠᠷᠳᠠ ᠵᠢᠨ ᠭᠠᠯᠪᠠ᠎ᠶᠢᠨ ᠦᠶ᠎ᠡ᠎ᠶᠢᠨ ᠠᠩᠬᠠᠳᠠᠭ᠍ᠴᠢ ᠨᠤᠭᠤᠰᠤᠨ ᠬᠣᠰᠢᠭᠤᠲᠤ ᠠᠪᠤᠷᠭᠤ ᠬᠦᠷᠪᠡᠯ᠎ᠦᠨ ᠢᠵᠠᠭᠤᠷ᠎ᠤᠨ ᠴᠢᠯᠠᠭᠤᠵᠢᠮᠠᠯ ᠪᠣᠯᠣᠨ᠎ᠠ᠃  

✦ᠤᠢᠷ᠎ᠠ᠎ᠳᠤ ᠪᠠᠶᠠᠠᠨᠠᠭᠤᠷ ᠬᠤᠲᠠ᠎ᠶᠢᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠬᠠᠷᠰᠢᠮᠠᠲᠠᠭᠠᠢ ᠬᠡᠦᠬᠡᠳ᠎ᠦᠨ ᠲᠤᠰᠬᠠᠢ ᠬᠡᠷᠡᠭᠯᠡᠬᠦ ᠠᠩᠬᠠᠳᠠᠬᠴᠢ ᠲᠣᠭᠣᠭᠠᠨ ᠭᠡᠷ ᠯᠢᠨᠾᠧ ᠲᠣᠭᠣᠷᠢᠭ᠋᠎ᠦᠨ ᠬᠣᠶᠠᠳᠤᠭᠠᠷ ᠬᠡᠦᠬᠡᠳ᠎ᠦᠨ ᠴᠡᠴᠡᠷᠯᠢᠭ᠎ᠲᠦ ᠠᠰᠢᠭ᠍ᠯᠠᠯᠲᠠ᠎ᠳᠤ ᠣᠷᠣᠪᠠ᠃

✦ᠤᠳᠤᠬᠠᠨ ᠪᠣᠯᠲᠠᠯ᠎ᠠ ᠪᠠᠶᠠᠠᠨᠠᠭᠤᠷ ᠬᠤᠲᠠ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨ᠎ᠢ ᠬᠤᠳᠠᠯᠳᠤᠬᠤ ᠲᠤᠰᠬᠠᠢ ᠲᠤᠰᠢᠶᠠᠯᠲᠤ ᠨᠡᠪᠲᠡᠷᠡᠭᠦᠯᠦᠭᠴᠢ᠎ᠶᠢ 200 ᠭᠠᠷᠤᠢ ᠬᠥᠮᠥᠨ ᠪᠤᠯᠪᠠᠰᠤᠷᠠᠭᠤᠯᠵᠤ᠂ ᠲᠠᠷᠢᠶᠠᠯᠠᠩ᠎ᠳᠤ ᠲᠤᠰᠠᠯᠠᠬᠤ ᠰᠢᠭᠤᠳ ᠨᠡᠪᠲᠡᠷᠡᠭᠦᠯᠭᠡ᠎ᠶᠢ 470 ᠭᠠᠷᠤᠢ ᠤᠳᠠᠭ᠎ᠠ ᠥᠷᠨᠢᠭᠦᠯᠵᠦ᠂ ᠠᠮᠤ ᠲᠣᠰᠣ᠌᠂ ᠵᠢᠮᠢᠰ ᠨᠣᠭᠣᠭ᠎ᠠ ᠵᠡᠷᠭᠡ᠎ᠶᠢ ᠳᠡᠯᠭᠡᠷᠡᠭᠦᠯᠦᠨ ᠪᠣᠷᠣᠯᠠᠭᠤᠯᠵᠤ᠂ ᠪᠣᠷᠤᠯᠠᠭᠤᠯᠭ᠎ᠠ᠎ᠶᠢᠨ ᠬᠡᠮᠵᠢᠶ᠎ᠡ ᠨᠢ ᠨᠡᠶ᠋ᠢᠲᠡ 1200 ᠲᠦᠮᠡᠨ ᠲᠥᠭᠥᠷᠢᠭ᠎ᠢ ᠳᠠᠪᠠᠵᠠᠢ᠃

 ✦ᠬᠠᠩᠬᠢᠨ ᠬᠤᠰᠢᠭᠤᠨ᠎ᠤ ᠬᠦᠬᠡᠮᠤᠳᠤ ᠪᠠᠯᠭᠠᠰᠤᠨ᠎ᠤ ᠪᠠᠶᠠᠠᠠᠦ᠋ᠨᠳᠤᠷ ᠭᠠᠴᠠᠭᠠᠨ᠎ᠤ ᠲᠠᠷᠢᠶᠠᠯᠠᠩ ᠮᠠᠯ ᠠᠵᠤ ᠠᠬᠤᠢ ᠵᠢᠨ ᠭᠠᠮᠰᠢᠭ᠎ᠡᠴᠡ ᠰᠡᠷᠭᠡᠢᠯᠡᠵᠤ ᠭᠠᠮᠰᠢᠭ᠎ᠢ ᠪᠠᠭᠠᠰᠬᠠᠬᠤ ᠰᠠᠭᠤᠷᠢ ᠳᠦᠬᠦᠭᠡᠷᠤᠮᠵᠢ ᠵᠢᠨ ᠪᠦᠲᠦᠭᠡᠨ ᠪᠠᠢᠭᠤᠯᠤᠯᠳᠠ ᠵᠢᠨ ᠲᠦᠷᠦᠯ ᠵᠤᠢᠯ ᠪᠤᠯᠬᠤ ᠪᠠᠴᠢᠮ ᠪᠠᠢᠳᠠᠯ᠎ᠢ ᠠᠷᠭᠠᠴᠠᠭᠠᠬᠤ ᠡᠪᠡᠰᠦ ᠪᠤᠷᠳᠤᠭᠠᠨ᠎ᠤ ᠬᠦᠮᠦᠷᠭᠡ ᠤᠷᠴᠢᠮᠬᠠᠨ ᠠᠰᠢᠬᠯᠠᠯᠳᠠ᠎ᠳᠤ ᠤᠷᠤᠵᠠᠢ᠃

ᠲᠤᠰ ᠲᠥᠷᠥᠯ ᠵᠦᠢᠯ ᠨᠢ 3400 ᠲᠡᠭᠰᠢ ᠳᠥᠷᠪᠡᠯᠵᠢᠨ ᠮᠧᠲᠷ ᠪᠦᠬᠦᠢ 4 ᠡᠪᠡᠰᠦ ᠪᠣᠷᠳᠣᠭ᠎ᠠ ᠨᠥᠭᠡᠴᠡᠯᠡᠬᠦ ᠬᠥᠮᠥᠷᠭᠡ ᠪᠠ 3000 ᠪᠣᠰᠣᠭ᠎ᠠ ᠳᠥᠷᠪᠡᠯᠵᠢᠨ ᠮᠧᠲᠷ᠎ᠦᠨ ᠨᠣᠭᠣᠭᠠᠨ᠎ᠳᠠᠷᠤᠰᠢ ᠵᠢᠨ ᠵᠣᠭᠣᠷᠢ᠎ᠶᠢ ᠢᠵᠢ ᠪᠦᠷᠢᠳᠦᠭᠦᠯᠦᠨ ᠮᠠᠯᠴᠢᠨ ᠲᠠᠷᠢᠶᠠᠴᠢᠨ᠎ᠤ ᠤᠢᠯᠡᠳᠪᠤᠷᠢᠯᠡᠯ ᠠᠮᠢᠳᠤᠷᠠᠯ᠎ᠳᠤ ᠠᠰᠢᠭ ᠬᠦᠷᠳᠡᠭᠡᠵᠤ ᠪᠠᠢᠨ᠎ᠠ᠃

✦ᠡᠨᠡ ᠵᠢᠯ ᠵᠠᠷᠤᠳ ᠬᠣᠰᠢᠭᠤᠨ᠎ᠤ ᠡᠪᠡᠰᠦ ᠪᠣᠷᠳᠣᠭ᠎ᠠ᠎ᠶᠢᠨ ᠶᠡᠷᠦᠩᠬᠡᠢ ᠨᠥᠭᠡᠴᠡ᠎ᠶᠢᠨ ᠬᠡᠮᠵᠢᠶ᠎ᠡ ᠵᠢᠱ᠌ᠢᠯᠲᠡ᠎ᠪᠡᠷ 727 ᠲᠦᠮᠡᠨ ᠲᠣᠨ᠎ᠳᠤ ᠬᠦᠷᠴᠦ᠂ 62 ᠲᠦᠮᠡ ᠰᠢᠬᠠᠮ ᠠᠯᠠᠰᠢᠨ ᠦᠬᠡᠷ᠎ᠦᠨ ᠮᠡᠨᠳᠦ ᠡᠪᠤᠯᠵᠢᠬᠦ ᠬᠡᠷᠡᠭᠴᠡᠭᠡ ᠵᠢ ᠪᠠᠳᠤᠯᠠᠬᠤ ᠪᠤᠯᠤᠨ᠎ᠠ᠃


✦ᠡᠨᠡ ᠵᠢᠯ ᠪᠠᠶᠠᠨᠨᠠᠭᠤᠷ ᠬᠤᠲᠠ ᠬᠡᠷᠡᠭᠯᠡᠭᠡᠨ᠎ᠦ ᠵᠦᠢᠯᠡᠰ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠠᠵᠢᠯᠯᠠᠭ᠎ᠠ᠎ᠶᠢ ᠯᠠᠪᠳᠠᠭᠤᠨ᠎ᠢᠶᠠᠷ ᠠᠬᠢᠭᠤᠯᠵᠤ᠂ ᠬᠡᠷᠡᠭᠯᠡᠭᠡᠨ᠎ᠦ ᠵᠠᠬ᠎ᠠ ᠳᠡᠯᠭᠡᠭᠦᠷ᠎ᠢ ᠦᠷᠭᠦᠯᠵᠢᠯᠡᠨ ᠬᠥᠭᠵᠢᠭᠡᠵᠦ᠂ ᠬᠡᠷᠡᠭᠯᠡᠭᠡᠨ᠎ᠦ ᠵᠦᠢᠯᠡᠰ᠎ᠦᠨ ᠳᠡᠰ ᠳᠡᠪᠰᠢᠬᠦ᠎ᠶᠢ ᠠᠬᠢᠭᠤᠯᠵᠤ᠂ 1-10 ᠰᠠᠷ᠎ᠠ᠎ᠳᠤ᠂ ᠪᠦᠬᠦ ᠬᠤᠲᠠ᠎ᠶᠢᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠬᠡᠷᠡᠭᠯᠡᠭᠡ᠎ᠶᠢ 14 ᠳ᠋ᠦᠩᠰᠢᠭᠤᠷ ᠲᠥᠭᠥᠷᠢᠭ ᠳᠠᠢᠴᠢᠯᠠᠭᠰᠠᠨ ᠪᠠᠢᠨ᠎ᠠ᠃

✦ᠤᠢᠷ᠎ᠠ᠎ᠶᠢᠨ ᠡᠳᠦᠷ᠂ ᠰᠢᠨ᠎ᠡ ᠪᠠᠷᠭᠤ ᠪᠠᠷᠠᠭᠤᠨ ᠬᠣᠰᠢᠭᠤᠨ᠎ᠤ ᠳᠠᠯᠠᠢ ᠰᠤᠮᠤ᠎ᠶᠢᠨ ᠬᠠᠠᠠᠠᠭᠤᠯᠠ ᠭᠠᠴᠠᠭ᠎ᠠ ᠨᠡᠢᠲᠡ᠎ᠶᠢᠨ ᠨᠤᠲᠤᠭ ᠪᠡᠯᠴᠢᠭᠡᠷ᠎ᠢᠶᠡᠨ ᠲᠦᠷᠢᠶᠡᠰᠦᠯᠡᠭᠰᠡᠨ ᠠᠰᠢᠭ᠋ ᠣᠷᠣᠯᠭ᠎ᠠ ᠎ᠪᠠᠨ ᠬᠤᠪᠢᠶᠠᠷᠢᠯᠠᠵᠤ᠂ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠤᠨ ᠠᠰᠢᠭ᠍ᠯᠠᠯᠲᠠ᠎ᠠᠴᠠ ᠣᠯᠣᠭᠰᠠᠨ ᠬᠠᠮᠲᠤ᠎ᠶᠢᠨ ᠠᠵᠤ ᠠᠬᠤᠢ᠎ᠶᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠪᠡ᠃ ᠲᠤᠰ ᠤᠳᠠᠭᠠᠨ᠎ᠤ ᠠᠰᠢᠭ᠋ ᠬᠤᠪᠢᠶᠠᠷᠢᠯᠠᠯᠲᠠ᠎ᠳᠤ 31 ᠲᠦᠮᠡ 2200 ᠲᠥᠭᠥᠷᠢᠭ᠎ᠢ 223 ᠮᠠᠯᠴᠢᠨ᠎ᠳᠤ ᠬᠤᠪᠢᠶᠠᠷᠢᠯᠠᠵᠤ᠂ ᠬᠥᠮᠥᠨ ᠨᠢᠭᠡᠪᠦᠷᠢ᠎ᠳᠦ 1400 ᠲᠥᠭᠥᠷᠢᠭ ᠲᠠᠷᠬᠠᠭᠠᠵᠠᠢ᠃


✦《ᠤᠲᠤᠭ ᠬᠣᠰᠢᠭᠤᠨ᠎ᠤ ᠦᠷᠭᠦᠯᠵᠢ ᠲᠣᠬᠢᠶᠠᠯᠳᠤᠳᠠᠭ ᠭᠠᠵᠠᠷ᠎ᠤᠨ ᠨᠡᠷᠡᠰ᠎ᠦᠨ ᠰᠤᠳᠤᠯᠤᠯ》᠂《ᠣᠲᠤᠭ ᠬᠣᠰᠢᠭᠤᠨ᠎ᠦ ᠦᠷᠭᠦᠯᠵᠢ ᠲᠣᠬᠢᠶᠠᠯᠳᠤᠳᠠᠭ ᠮᠣᠩᠭᠣᠯ ᠬᠥᠮᠥᠨ᠎ᠤ ᠨᠡᠷᠡᠰ᠎ᠤᠨ ᠰᠤᠳᠤᠯᠤᠯ》ᠨᠣᠮ᠎ᠢ ᠪᠡᠯᠡᠭᠯᠡᠬᠦ ᠠᠵᠢᠯᠯᠠᠭ᠎ᠠ ᠤᠷᠴᠢᠮᠬᠠᠨ ᠤᠲᠤᠭ ᠬᠣᠰᠢᠭᠤᠨ᠎ᠤ ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠰ ᠮᠡᠲᠦ ᠳᠣᠲᠣᠨᠣ ᠪᠠᠢᠬᠤ ᠭᠣᠣᠯ ᠰᠡᠳᠦᠪᠲᠦ ᠬᠥᠮᠦᠵᠢᠯ᠎ᠦᠨ ᠣᠷᠳᠣᠨ᠎ᠳᠤ ᠶᠠᠪᠤᠭᠳᠠᠪᠠ᠃

 

✦ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ ᠠᠯᠪᠠᠨ ᠰᠦᠯᠵᠢᠶ᠎ᠡ᠎ᠶᠢᠨ ᠮᠡᠳᠡᠭᠡ᠎ᠶᠢ ᠦᠨᠳᠦᠰᠦᠯᠡᠪᠡᠯ᠂ ᠲᠤᠬᠠᠢ᠎ᠶᠢᠨ ᠭᠠᠵᠠᠷ᠎ᠤᠨ ᠴᠠᠭ᠎ᠢᠶᠠᠷ 21᠎ᠦ ᠡᠳᠦᠷ᠂ ᠪᠥᠬᠥᠳᠡ ᠨᠠᠢᠷᠠᠮᠳᠠᠬᠤ ᠳ᠋ᠣᠮᠢᠨᠢᠺᠠ ᠤᠯᠤᠰ᠎ᠲᠤ ᠶᠠᠪᠤᠭᠳᠠᠭᠰᠠᠨ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ 40 ᠎ᠳᠦᠭᠡᠷ ᠬᠤᠭᠤᠴᠠᠭᠠᠨ᠎ᠤ ᠲᠥᠯᠥᠭᠡᠯᠡᠭᠴᠢᠳ᠎ᠦᠨ ᠶᠡᠬᠡ ᠬᠤᠷᠠᠯ ᠳᠡᠭᠡᠷ᠎ᠡ᠂ ᠳᠤᠮᠳᠠᠳᠤ  ᠤᠯᠤᠰ᠎ᠤᠨ ᠠᠯᠠᠭᠠᠳᠠᠬᠤ ᠪᠥᠮᠪᠥᠭᠡ᠎ᠶᠢᠨ ᠠᠪᠤᠷᠭᠤ ᠯᠠᠩ ᠫᠢᠩ ᠤᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠢᠨ᠎ᠦ ᠪᠤᠰᠤᠳ ᠳᠥᠷᠪᠡᠨ ᠭᠠᠷᠮᠠᠭᠠᠢ ᠬᠥᠮᠥᠰ᠎ᠲᠠᠢ ᠬᠠᠮᠲᠤ ᠣᠯᠠᠨ ᠤᠯᠤᠰ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭ᠎ᠠ᠎ᠶᠢᠨ ᠬᠠᠮᠤᠭ᠎ᠤᠨ ᠳᠡᠭᠡᠳᠤ ᠢᠷᠠᠭᠤ ᠠᠯᠳᠠᠷ —《ᠠᠯᠠᠭᠠᠳᠠᠬᠤ ᠪᠦᠮᠪᠦᠭᠡ ᠵᠢᠨ ᠤᠳᠤᠨ ᠳᠡᠮᠳᠡᠭ》᠎ᠢ ᠬᠦᠷᠳᠡᠪᠡ᠃

✦11 ᠰᠠᠷ᠎ᠠ᠎ᠶᠢᠨ 20᠎ᠤ ᠡᠳᠦᠷ᠂ ᠬᠥᠯᠥᠨ ᠪᠤᠢᠷ ᠬᠤᠲᠠ᠎ᠶᠢᠨ ᠠᠩᠬ᠎ᠠ ᠤᠳᠠᠭᠠᠨ᠎ᠤ《ᠠᠯᠲᠠᠨᠮᠥ᠋ᠴᠡᠨ》ᠬᠤᠨᠳᠠᠭᠠᠲᠤ ᠡᠮᠡᠭᠲᠡᠢ ᠪᠥᠬᠡ᠎ᠶᠢᠨ ᠪᠠᠷᠢᠯᠳᠤᠭᠠᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠪᠠᠶᠠᠨᠲᠤᠬᠤᠢ ᠪᠠᠯᠭᠠᠰᠤᠨ᠎ᠳᠤ ᠶᠠᠪᠤᠭᠳᠠᠪᠠ᠃

 

 

 

✦ᠲᠦᠪ ᠲᠸᠯᠸᠢᠰ᠎ᠤᠨ ᠮᠡᠳᠡᠭᠡ ᠵᠢ ᠦᠨᠳᠦᠰᠦᠯᠡᠪᠡᠯ᠂ ᠺᠣᠷᠢᠶᠠ᠎ᠶᠢᠨ 2027 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠨᠢᠭᠡᠳᠦᠯᠲᠡᠢ ᠰᠢᠯᠭᠠᠯᠲᠠ᠎ᠳᠤ ᠬᠡᠮ ᠬᠢᠭᠰᠡᠨ ᠬᠡᠷᠡᠭ ᠣᠯᠠᠨ ᠭᠠᠷᠴᠠᠢ᠃ ᠺᠣᠷᠢᠶᠠ᠎ᠶᠢᠨ ᠶᠡᠷᠦᠩᠬᠡᠢᠯᠡᠭᠴᠢ ᠯᠢ ᠽᠠᠢ ᠮᠢᠩ 21 ᠎ᠦ ᠡᠳᠦᠷ ᠬᠡᠯᠡᠬᠦ᠎ᠳᠡᠭᠡᠨ᠂ ᠬᠡᠮ     ᠬᠢᠭᠰᠡᠨ  ᠦᠶ᠋ᠯᠡ   ᠠᠵᠢᠯᠯᠠᠭ᠎ᠠ  ᠎ᠶᠢ   ᠢᠯᠡᠴᠢᠯᠡᠨ   ᠮᠡᠳᠡᠭᠦᠯᠦᠭᠴᠢ 1 ᠳ᠋ᠦᠩᠰᠢᠭᠤᠷ ᠬᠠᠨ ᠸᠤᠨ (ᠠᠷᠠᠳ᠎ᠤᠨ ᠵᠣᠭᠣᠰ᠎ᠢᠶᠠᠷ ᠪᠠᠷᠤᠭ 50 ᠲᠦᠮᠡᠨ ᠲᠥᠭᠥᠷᠢᠭ ) ᠎ᠤᠨ ᠱᠠᠩᠨᠠᠯ᠎ᠤᠨ ᠮᠥᠩᠭᠥ ᠣᠯᠵᠤ ᠪᠣᠯᠣᠨ᠎ᠠ ᠭᠡᠵᠡᠢ᠃ 22 ᠎ᠤᠨ ᠡᠳᠦᠷ᠂ ᠺᠣᠷᠢᠶᠠ᠎ᠶᠢᠨ ᠰᠤᠷᠭᠠᠨ ᠬᠥᠮᠦᠵᠢᠯ᠎ᠦᠨ ᠶᠠᠮᠤᠨ᠎ᠤ ᠰᠠᠢᠳ ᠼᠦᠢ ᠵᠢᠶᠣᠣ ᠵᠧᠨ ᠠᠯᠳᠠᠭ᠎ᠠ ᠪᠤᠷᠤᠭᠤ᠎ᠪᠠᠨ ᠬᠦᠯᠢᠶᠡᠵᠦ ᠲᠤᠰᠢᠶᠠᠯ᠎ᠠᠴᠠ᠎ᠪᠠᠨ ᠪᠠᠭᠤᠨ᠎ᠠ ᠭᠡᠵᠦ ᠨᠡᠢᠲᠡᠯᠡᠭᠰᠡᠨ ᠪᠠᠢᠨ᠎ᠠ᠃

✦ᠠᠨᠭ᠌ᠭ᠌ᠯᠢ᠎ᠶᠢᠨ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ 22 ᠎ᠤᠨ ᠡᠳᠦᠷ ᠮᠡᠳᠡᠭᠳᠡᠯ ᠨᠡᠢᠲᠡᠯᠡᠵᠦ᠂ ᠠᠨᠭ᠌ᠭ᠌ᠯᠢ ᠨᠢᠭᠡᠨᠲᠡ ᠭᠧᠷᠮᠠᠨ᠂ ᠺᠠᠨᠠᠳᠠ ᠵᠡᠷᠭᠡ ᠪᠤᠰᠤᠳ 10 ᠤᠯᠤᠰ᠎ᠲᠠᠢ ᠬᠠᠮᠲᠤ᠎ᠪᠠᠷ ᠪᠢᠴᠢᠭ ᠮᠠᠲᠧᠷᠢᠶᠠᠯ᠎ᠳᠤ ᠭᠠᠷ᠎ᠤᠨ ᠥᠰᠥᠭ ᠵᠢᠷᠤᠵᠤ᠂ ᠤᠮᠠᠷᠠᠲᠤ ᠠᠲᠯᠠᠨᠲ ᠲᠡᠯᠡᠶ᠎ᠶᠢᠨ ᠨᠡᠶ᠋ᠢᠲᠡ᠎ᠶᠢᠨ ᠭᠡᠷ᠎ᠡ᠎ᠶᠢᠨ ᠵᠣᠬᠢᠶᠠᠨ ᠪᠠᠢᠭᠤᠯᠤᠯᠲᠠ᠎ᠶᠢᠨ ᠭᠣᠣᠯᠯᠠᠨ ᠤᠳᠤᠷᠢᠳᠤᠭᠰᠠᠨ《ᠳᠠᠭᠠᠭᠤᠯᠢ ᠣᠲᠣ᠌᠎ᠶᠢ ᠬᠠᠮᠲᠤᠷᠠᠨ ᠬᠠᠷᠪᠤᠬᠤ ᠲᠥᠯᠥᠪᠯᠡᠭᠡ》᠎ᠳᠤ ᠣᠷᠣᠯᠴᠠᠵᠤ᠂ ᠨᠠᠢᠳᠠᠪᠤᠷᠢᠲᠠᠢ᠂ ᠠᠮᠢᠳᠤᠯᠢᠭ᠋》ᠳᠠᠭᠠᠭᠤᠯᠢ ᠣᠲᠣ᠌ ᠬᠠᠷᠪᠤᠬᠤ ᠦᠢᠯᠡᠴᠢᠯᠡᠭᠡ᠎ᠶᠢ ᠣᠯᠬᠤ᠎ᠶᠢᠨ ᠬᠠᠮᠲᠤ ᠰᠠᠨᠰᠠᠷ᠎ᠤᠨ ᠠᠵᠤ ᠦᠢᠯᠡᠰ᠎ᠲᠦ ᠲᠦᠰᠢᠭᠯᠡᠨ ᠠᠵᠤ ᠠᠬᠤᠢ᠎ᠶᠢᠨ ᠨᠡᠮᠡᠭᠳᠡᠯ᠎ᠢ ᠳᠠᠶ᠋ᠢᠴᠢᠯᠠᠨ᠎ᠡ ᠭᠡᠵᠡᠢ᠃

 

✦ᠤᠯᠠᠭᠠᠠᠬᠠᠳᠠ ᠬᠤᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ ᠠᠵᠢᠯᠳᠠᠨ ᠡᠯᠰᠡᠵᠤ ᠪᠤᠢ᠃ 


 ᠲᠠᠨ ᠎ᠤ ᠲᠤᠰᠡ ᠳ᠋ᠤ 

 

✦ᠲᠦᠮᠦᠰᠦ ᠬᠠᠳᠠᠭᠠᠯᠠᠬᠤ ᠠᠷᠭ᠎ᠠ᠄ ᠲᠥᠮᠥᠰᠥ ᠵᠢ ᠳᠡᠮᠡᠢ ᠤᠳᠠᠭᠠᠨ ᠳᠠᠯᠪᠢᠬᠤ ᠦᠭᠡᠢ ᠰᠤᠶᠤᠭᠠᠯᠠᠬᠤ ᠭᠡᠳ ᠪᠠᠢᠳᠠᠭ᠂ ᠡᠢᠮᠤ ᠡᠴᠡ ᠲᠦᠮᠦᠰᠦ ᠬᠠᠳᠠᠭᠠᠯᠠᠬᠤ᠎ᠳᠠᠭᠠᠨ ᠳᠤᠮᠳᠠ ᠨᠢ ᠠᠯᠮᠤᠷᠠᠳ ᠬᠢᠵᠤ ᠳᠠᠯᠪᠢᠪᠠᠯ ᠡᠢᠮᠤᠷᠬᠦᠦ ᠪᠠᠢᠳᠠᠯ᠎ᠢ ᠵᠤᠬᠢᠰᠲᠠᠢ ᠰᠡᠷᠭᠡᠢᠯᠡᠵᠤ ᠳᠡᠢᠯᠦᠨ᠎ᠡ᠃

 

 

 ᠵᠠᠯᠭᠠᠭᠠᠳ 《ᠨᠠᠰᠤᠲᠠᠨ ᠪᠤᠭᠤᠷᠤᠯ ᠡᠮᠸ》 ᠬᠡᠬᠦ  ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠪᠢᠳᠡᠨ᠎ᠳᠤ ᠤᠷᠮ᠎ᠠ ᠬᠠᠢᠷᠠᠯᠠᠭᠠᠷᠠᠢ! ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ ᠳ᠋ᠦ  ᠪᠠᠶᠠᠷᠯᠠᠯ᠎ᠠ᠂  ᠪᠠᠶᠠᠷᠳᠠᠢ︕ 


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面