ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-25 11:55:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

   


      

  ᠨᠡᠢᠭᠡᠮ                                    

✦23᠎ᠤ ᠡᠳᠦᠷ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ《ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠳᠦ ᠬᠢᠨᠠᠯᠲᠠ ᠲᠠᠯᠪᠢᠬᠤ ᠳᠦᠷᠢᠮ(ᠰᠠᠨᠠᠯ ᠬᠤᠷᠢᠶᠠᠬᠤ ᠨᠣᠣᠷᠠᠭ)》᠎ᠢ ᠨᠡᠢᠲᠡᠯᠡᠵᠦ᠂ ᠲᠣᠰ ᠡᠳᠦᠷ᠎ᠡᠴᠡ ᠡᠬᠢᠯᠡᠨ 12 ᠰᠠᠷ᠎ᠠ᠎ᠶᠢᠨ 23᠎ᠤ ᠡᠳᠦᠷ ᠪᠣᠯᠲᠠᠯ᠎ᠠ ᠨᠡᠢᠭᠡᠮ ᠨᠡᠶ᠋ᠢᠲᠡ ᠡᠴᠡ ᠢᠯᠡ᠎ᠪᠡᠷ ᠰᠠᠨᠠᠯ ᠬᠤᠷᠢᠶᠬᠤ ᠪᠤᠯᠤᠨ᠎ᠠ᠃

✦ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ ᠤ᠋ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠸ᠋ 10 ᠰᠠᠷ᠎ᠠ᠎ᠳᠤ ᠮᠠᠨ᠎ᠤ ᠤᠯᠤᠰ᠎ᠤᠨ ᠵᠠᠰᠠᠮᠠᠯ ᠵᠠᠮ ᠪᠠ ᠤᠰᠤᠨ ᠵᠠᠮ᠎ᠤᠨ ᠰᠢᠨᠡᠴᠢᠯᠡᠯᠲᠡ ᠪᠠ ᠲᠣᠭᠠᠴᠢᠯᠠᠭᠰᠠᠨ ᠥᠭᠡᠷᠡᠴᠢᠯᠡᠯᠲᠡ᠎ᠶᠢᠨ ᠪᠡᠯᠡ ᠣᠷᠣᠭᠤᠯᠤᠯᠲᠠ᠎ᠶᠢᠨ ᠡᠵᠡᠯᠡᠬᠦ ᠬᠠᠷᠢᠴᠠᠯ 33%᠎ᠶᠢ ᠳᠠᠪᠠᠵᠠᠢ᠃ ᠣᠳᠣᠬᠠᠨ᠎ᠳᠤ᠂ ᠮᠠᠨ᠎ᠤ ᠤᠯᠤᠰ᠎ᠤᠨ ᠤᠯᠤᠰ᠎ᠤᠨ ᠶᠡᠷᠦᠩᠬᠡᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭᠠᠨ᠎ᠤ ᠰᠦᠯᠵᠢᠶ᠎ᠡ᠎ᠶᠢ ᠪᠠᠢᠭᠤᠯᠤᠭᠰᠠᠨ ᠨᠣᠷᠮ᠎ᠠ ᠨᠢᠭᠡᠨᠲᠡ 80% ᠶ᠋ᠢ ᠳᠠᠪᠠᠭᠰᠠᠨ ᠪᠠᠢᠨ᠎ᠠ᠃

✦23᠎ᠤ ᠡᠳᠦᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠦᠪᠯᠡᠯ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ《〈ᠦᠳᠡᠭᠦᠰ ᠨᠢᠯᠬᠠᠰ〉 ᠤ᠋ᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢᠨ ᠬᠡᠷᠡᠭᠵᠢᠭᠦᠯᠬᠦ ᠲᠥᠰᠥᠯ》 ᠢ᠋ ᠳᠠᠷᠤᠮᠠᠯᠯᠠᠨ ᠲᠠᠷᠬᠠᠭᠠᠵᠤ᠂ 2030 ᠣᠨ ᠪᠣᠯᠬᠤ᠎ᠳᠤ ᠨᠡᠢᠭᠡᠮ ᠲᠣᠭᠣᠷᠢᠭ᠋ ᠤ᠋ᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠪᠠᠢᠭᠤᠯᠤᠮᠵᠢ ᠪᠠ ᠲᠥᠬᠦᠭᠡᠷᠦᠮᠵᠢ᠎ᠶᠢᠨ ᠪᠦᠷᠬᠦᠴᠡ᠎ᠶᠢᠨ ᠨᠣᠷᠮ᠎ᠠ᠎ᠶᠢ 70% ᠳ᠋ᠤ ᠬᠦᠷᠭᠡᠨ᠎ᠡ ᠭᠡᠪᠠ᠃

✦ᠣᠢᠷ᠎ᠠ᠎ᠳᠤ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠡᠴᠡ ᠭᠣᠣᠯᠯᠠᠨ ᠡᠷᠭᠢᠯᠡᠭᠰᠡᠨ ᠬᠣᠶᠠᠳᠤᠭᠠᠷ ᠬᠤᠭᠤᠴᠠᠭᠠᠨ᠎ᠤ ᠪᠥᠬᠥ ᠣᠷᠣᠨ᠎ᠤ ᠮᠠᠯᠴᠢᠨ ᠲᠠᠷᠢᠶᠠᠴᠢᠨ᠎ᠤ ᠰᠢᠨᠵᠢᠯᠡᠬᠦ ᠤᠬᠠᠭᠠᠨ᠎ᠤ ᠬᠡᠪ ᠴᠢᠨᠠᠷ᠎ᠤᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃

✦ᠪᠠᠶᠠᠨᠨᠠᠭᠤᠷ ᠬᠤᠳᠠ《ᠤᠮᠠᠷᠠᠲᠤ᠎ᠶᠢᠨ ᠭᠤᠷᠪᠠᠨ ᠣᠷᠣᠨ》᠎ᠤ ᠢᠨᠵᠧᠨᠧᠷᠢᠩ᠎ᠦᠨ ᠬᠠᠳᠤᠨ ᠭᠣᠣᠯ᠎ᠤᠨ《ᠶᠡᠬᠡ ᠲᠤᠬᠤᠢ》ᠵᠢᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠠᠬᠢᠭᠤᠯᠵᠤ᠂ ᠪᠠᠶᠠᠨᠨᠠᠭᠤᠷ ᠬᠤᠳᠠ ᠶ᠋ᠢᠨ ᠵᠢᠯ᠎ᠦᠨ ᠲᠥᠯᠦᠪᠵᠢᠭᠦᠯᠭᠡ᠎ᠶᠢᠨ ᠵᠠᠰᠠᠯᠲᠠ᠎ᠶᠢᠨ ᠡᠭᠦᠷᠭᠡ 2686 ᠲᠦᠮᠡᠨ ᠮᠦ᠍ ᠳ᠋ᠦ ᠬᠦᠷᠴᠦ᠂ ᠣᠳᠣᠬᠠᠨ᠎ᠳᠤ ᠨᠢᠭᠡᠨᠲᠡ 2210 ᠲᠦᠮᠡᠨ ᠮᠦ᠍᠎ᠶᠢ ᠪᠡᠶᠡᠯᠡᠭᠦᠯᠵᠦ᠂ ᠠᠬᠢᠴᠠ᠎ᠶᠢᠨ ᠬᠡᠮᠵᠢᠶ᠎ᠠ ᠨᠠᠢ᠍ᠮᠠᠨ ᠬᠤᠪᠢ᠎ᠶᠢ ᠳᠠᠪᠠᠭᠰᠠᠨ ᠪᠠᠢᠨ᠎ᠠ᠃

✦2026 ᠣᠨ᠎ᠳᠤ᠂ ᠪᠤᠭᠤᠲᠤ ᠬᠤᠳᠠ ᠰᠤᠷᠭᠠᠨ ᠬᠥᠮᠦᠵᠢᠯ᠎ᠦᠨ ᠲᠤᠰᠬᠠᠢ ᠪᠡᠯᠡ ᠮᠥᠩᠭᠥ᠎ᠶᠢ 1064.5 ᠲᠦᠮᠡᠨ ᠲᠥᠭᠥᠷᠢᠭ ᠨᠢᠭᠡᠳᠦᠯᠲᠡᠢ ᠲᠥᠯᠥᠪᠵᠢᠭᠦᠯᠦᠨ ᠪᠠᠭᠤᠯᠭᠠᠵᠤ᠂ ᠪᠦᠬᠦ ᠬᠤᠳᠠ᠎ᠶᠢᠨ ᠡᠯ᠎ᠡ ᠰᠤᠷᠤᠯᠭ᠎ᠠ᠎ᠶᠢᠨ ᠱᠠᠲᠤᠨ᠎ᠤ ᠬᠥᠮᠥᠨ ᠬᠥᠮᠥᠵᠢᠭᠦᠯᠬᠦ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠳᠦ ᠪᠠᠲᠤ ᠪᠡᠬᠢ ᠡᠳ᠋᠎ᠦᠨ ᠵᠠᠰᠠᠭ᠎ᠤᠨ ᠲᠤᠯᠭᠠᠭᠤᠷᠢᠯᠠᠯ ᠬᠠᠩᠭᠠᠵᠠᠢ᠃

✦ᠣᠢᠷ᠎ᠠ᠎ᠳᠤ ᠠᠯᠠᠱᠠ ᠵᠡᠭᠦᠨ ᠬᠣᠰᠢᠭᠤᠨ᠎ᠤ ᠬᠢᠨ ᠪᠥᠬᠥ ᠬᠣᠰᠢᠭᠤᠨ᠎ᠤ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠳᠦ AI ᠣᠶᠤᠨᠲᠤ ᠪᠡᠶ᠎ᠡ᠎ᠶᠢᠨ ᠲᠠᠮᠢᠷ᠎ᠤᠨ ᠬᠡᠮᠵᠢᠯᠲᠡ᠎ᠶᠢᠨ ᠲᠥᠬᠦᠭᠡᠷᠦᠮᠵᠢ᠎ᠶᠢ ᠪᠦᠷᠢᠨ ᠲᠣᠬᠢᠷᠠᠭᠤᠯᠵᠤ᠂ ᠪᠡᠶ᠎ᠡ ᠮᠠᠬᠠᠪᠤᠳ ᠤ᠋ᠨ ᠲᠣᠭ᠎ᠠ ᠪᠠᠷᠢᠮᠲᠠ᠎ᠶᠢ ᠨᠠᠷᠢᠯᠢᠭ᠋ ᠣᠨᠣᠴᠠᠲᠠᠢ᠎ᠪᠠᠷ ᠴᠤᠭᠯᠠᠭᠤᠯᠵᠤ᠂ ᠪᠡᠶ᠎ᠡ᠎ᠶᠢᠨ ᠲᠠᠮᠢᠷ᠎ᠤᠨ ᠬᠡᠮᠵᠢᠯᠲᠡ᠂ ᠪᠣᠯᠪᠠᠰᠤᠷᠠᠯ᠂ ᠵᠢᠭᠠᠨ ᠰᠤᠷᠭᠠᠯᠲᠠ᠎ᠶᠢ ᠨᠢᠭᠡ ᠴᠣᠭᠴᠠᠵᠢᠭᠤᠯᠵᠤ᠂ ᠬᠣᠲᠠ ᠬᠥᠳᠡᠭᠡ᠎ᠶᠢᠨ ᠪᠡᠶ᠎ᠡ᠎ᠶᠢᠨ ᠲᠠᠮᠢᠷ᠎ᠤᠨ ᠰᠢᠯᠭᠠᠨ ᠦᠨᠡᠯᠡᠯᠲᠡ᠎ᠶᠢᠨ ᠠᠳᠠᠯᠢ ᠴᠢᠨᠠᠷ ᠠᠳᠠᠯᠢ ᠪᠠᠷᠢᠮᠵᠢᠶ᠎ᠠ᠎ᠶᠢ ᠠᠬᠢᠭᠤᠯᠤᠨ ᠥᠷᠭᠡᠨ ᠣᠯᠠᠨ ᠰᠤᠷᠤᠭ᠍ᠴᠢᠳ᠎ᠲᠤ ᠠᠰᠢᠭ᠋ ᠬᠦᠷᠲᠡᠭᠡᠪᠡ᠃ 

 

✦ᠣᠢᠷ᠎ᠠ᠎ᠳᠤ ᠤᠯᠤᠰ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠩᠬᠢ ᠡᠴᠡ ᠲᠠᠭᠠᠭᠠᠴᠢᠯᠠᠭᠰᠠᠨ 2026 ᠣᠨ᠎ᠤ ᠤᠯᠤᠰ᠎ᠤᠨ ᠰᠤᠷᠤᠯᠭ᠎ᠠ᠎ᠶᠢᠨ ᠳᠡᠳᠬᠦᠮᠵᠢ ᠵᠢᠨ ᠵᠢᠭᠡᠯᠡᠯᠭᠡ ᠲᠠᠯᠪᠢᠬᠤ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠵᠦ᠂ ᠨᠡᠶ᠋ᠢᠲᠡ 753 ᠲᠦᠮᠡᠨ ᠠᠮᠢᠳᠤᠷᠠᠯ ᠨᠢ ᠬᠦᠴᠢᠷᠳᠡᠯᠲᠡᠢ ᠰᠤᠷᠤᠭ᠍ᠴᠢᠳ᠎ᠲᠤ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠵᠢᠭᠡᠯᠡᠯᠭᠡ 1163 ᠳ᠋ᠦᠩᠰᠢᠭᠤᠷ ᠲᠥᠭᠥᠷᠢᠭ ᠲᠠᠷᠬᠠᠭᠠᠭᠰᠠᠨ ᠪᠠᠢᠨ᠎ᠠ᠃

✦ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠲᠦᠷᠦᠭᠦᠸ᠋ 10 ᠰᠠᠷ᠎ᠠ᠎ᠳᠤ ᠥᠪᠥᠷ ᠮᠣᠩᠭᠣᠯ᠎ᠤᠨ ᠨᠡᠢᠭᠡᠮ᠎ᠦᠨ ᠬᠡᠷᠡᠭᠯᠡᠭᠡᠨ᠎ᠦ ᠵᠦᠢᠯᠡᠰ᠎ᠦᠨ ᠵᠢᠵᠢᠭᠯᠡᠨ ᠬᠤᠳᠠᠯᠳᠤᠭᠰᠠᠨ ᠬᠡᠮᠵᠢᠶ᠎ᠠ 4438 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.1% ᠪᠡᠷ ᠨᠡᠮᠡᠭᠳᠡᠪᠡ᠃ ᠡᠬᠦᠨ ᠳ᠋ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠠ 3884 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.1% ᠪᠡᠷ ᠨᠡᠮᠡᠭᠳᠡᠪᠡ᠃ ᠢᠳᠡᠭᠡᠨ ᠤᠮᠳᠠᠭᠠᠨ᠎ᠤ ᠣᠷᠣᠯᠭ᠎ᠠ 554 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 0.7% ᠪᠡᠷ ᠨᠡᠮᠡᠭᠳᠡᠪᠡ᠃

ᠰᠤᠶᠤᠯ  

✦22᠎ᠤᠨ ᠡᠳᠦᠷ᠂ ᠠᠷᠤ ᠬᠣᠷᠴᠢᠨ ᠬᠣᠰᠢᠭᠤᠨ᠎ᠤ ᠦᠯᠢᠭᠡᠷ ᠬᠣᠯᠪᠣᠭ᠎ᠠ ᠲᠤᠤᠯᠢ ᠤᠷᠠᠯᠢᠭ᠋᠎ᠤᠨ ᠨᠡᠢᠭᠡᠮᠯᠢᠭ ᠨᠢ ᠤᠯᠠᠭᠠᠨᠬᠠᠳᠠ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠲᠠᠢ ᠬᠠᠮᠲᠤᠷᠠᠨ ᠥᠪᠥᠷ ᠮᠣᠩᠭᠣᠯ᠎ᠤᠨ ᠥᠪ ᠰᠣᠶᠣᠯ ᠤ᠋ᠨ ᠠᠵᠤ ᠦᠢᠯᠡᠰ᠎ᠦᠨ ᠬᠢᠵᠠᠭᠠᠷᠲᠤ ᠺᠣᠮᠫᠠᠨᠢ᠎ᠶᠢᠨ 《ᠭᠠᠷᠠᠭ᠎ᠤᠨ ᠪᠣᠯᠵᠣᠭ᠎ᠠ》ᠰᠣᠶᠣᠯ᠎ᠤᠨ ᠰᠠᠭᠤᠷᠢᠨ ᠳ᠋ᠤ《ᠬᠤᠭᠤᠷ ᠎ᠤᠨ ᠦᠯᠢᠭᠡᠷ ᠠᠮᠠᠨ ᠰᠣᠶᠣᠯ᠎ᠤᠨ ᠤᠯᠠᠮᠵᠢᠯᠠᠨ ᠰᠤᠳᠤᠯᠬᠤ ᠬᠣᠨᠳᠣ᠌ ᠪᠠᠯᠭᠠᠰᠤᠨ᠎ᠳᠠᠬᠢ ᠰᠣᠶᠣᠯ᠎ᠤᠨ ᠰᠠᠭᠤᠷᠢᠨ》ᠫᠠᠢᠰᠠ ᠰᠡᠬᠦᠬᠦ ᠶᠣᠰᠣᠯᠠᠯ ᠶᠠᠪᠤᠭᠳᠠᠭᠤᠯᠪᠠ᠃

✦22᠎ᠤ᠋ᠨ ᠡᠳᠦᠷ᠂  《ᠨᠣᠮ ᠡᠷᠳᠡᠨᠢ》  ᠬᠣᠯᠪᠣᠭᠠᠨ᠎ᠤ ᠨᠣᠮ ᠤᠩᠰᠢᠭ᠍ᠰᠠᠨ ᠮᠡᠳᠡᠯᠭᠡ᠎ᠶᠢᠨ ᠱᠠᠩᠨᠠᠯᠲᠤ ᠤᠷᠤᠯᠳᠤᠭᠠᠨ᠎ᠤ ᠠᠷᠪᠠᠨ ᠲᠠᠪᠤᠳᠠᠭᠢ ᠡᠭᠡᠯᠵᠢ᠎ᠶᠢᠨ ᠦᠯᠢᠭᠡᠷ ᠶᠠᠷᠢᠬᠤ ᠤᠷᠤᠯᠳᠤᠭᠠᠨ ᠦᠦᠰᠢᠨ ᠳᠤᠮᠳᠠᠳᠤ ᠰᠤᠷᠭᠠᠭᠤᠯᠢ᠎ᠳᠤ ᠶᠠᠪᠤᠭᠳᠠᠵᠤ᠂ ᠠᠩᠬ᠎ᠠ ᠳᠤᠮᠳᠠᠳᠤ᠎ᠶᠢᠨ ᠳᠤᠭᠤᠢᠯᠠᠩ ᠪᠠ ᠳᠡᠭᠡᠳᠦ ᠳᠤᠮᠳᠠᠳᠤ ᠶ᠋ᠢᠨ ᠳᠤᠭᠤᠢᠯᠠᠩ ᠳ᠋ᠤ ᠬᠣᠷᠢᠭᠠᠳ ᠰᠤᠷᠤᠭ᠍ᠴᠢ ᠢᠳᠡᠪᠬᠢᠯᠡᠨ ᠣᠷᠤᠯᠴᠠᠪᠠ᠃

 

✦33 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠣᠶᠤᠲᠠᠳ᠎ᠤᠨ ᠡᠪᠦᠯ᠎ᠦᠨ ᠤᠯᠠᠷᠢᠯ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ 2027 ᠣᠨ᠎ᠤ 1 ᠰᠠᠷ᠎ᠠ᠎ᠶᠢᠨ 15᠎ᠡᠴᠡ 25᠎ᠤ ᠡᠳᠦᠷ ᠪᠣᠯᠲᠠᠯ᠎ᠠ ᠭᠢᠷᠢᠨ ᠮᠤᠵᠢ᠎ᠶᠢᠨ ᠴᠠᠩᠴᠦ᠋ᠨ ᠬᠣᠲᠠ᠂ ᠭᠢᠷᠢᠨ ᠬᠣᠲᠠ᠎ᠳᠤ ᠶᠠᠪᠤᠭᠳᠠᠨ᠎ᠠ᠃

✦22᠎ᠤᠨ ᠡᠳᠦᠷ᠂ 2026 - 2027 ᠣᠨ᠎ᠤ ᠣᠷᠳᠣᠰ ᠬᠣᠲᠠ᠎ᠶᠢᠨ《ᠬᠣᠲᠠ᠎ᠶᠢᠨ ᠳᠠᠷᠤᠭ᠎ᠠ ᠬᠤᠨᠳᠠᠭᠠᠲᠤ》 ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ ᠪᠠᠭ᠎ᠠ ᠰᠤᠷᠭᠠᠭᠤᠯᠢ᠎ᠶᠢᠨ ᠬᠥᠬᠡ ᠳᠤᠭᠤᠢᠯᠠᠩ᠎ᠤᠨ ᠤᠷᠤᠯᠳᠤᠭᠠᠨ ᠡᠵᠡᠨ ᠬᠤᠷᠤᠭ᠎ᠠ ᠬᠤᠰᠢᠭᠤᠨ ᠳ᠋ᠤ ᠦᠨᠳᠦᠷᠯᠡᠵᠦ᠂ 16 ᠬᠥᠯ ᠪᠥᠮᠪᠥᠭᠡᠨ ᠠᠩᠭᠢ᠂ 300 ᠭᠠᠷᠤᠢ ᠲᠠᠮᠢᠷᠴᠢᠨ ᠤᠷᠣᠯᠴᠠᠵᠤ᠂ ᠨᠡᠢᠳᠡ 56 ᠲᠠᠯᠠᠪᠠᠢ ᠤᠷᠤᠯᠳᠤᠭᠠᠨ ᠶᠠᠪᠤᠭᠳᠠᠭᠤᠯᠤᠭᠰᠠᠨ ᠪᠠᠢᠨ᠎ᠠ᠃

✦22᠎ᠤᠨ ᠡᠳᠦᠷ᠂ 2026 ᠣᠨ᠎ᠤ ᠪᠠᠶᠠᠨᠨᠠᠭᠤᠷ ᠬᠣᠲᠠ᠎ᠶᠢᠨ ᠬᠣᠷᠢᠳᠤᠭᠠᠷ ᠬᠤᠭᠤᠴᠠᠭᠠᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠡᠪᠦᠯ ᠦ᠋ᠨ ᠤᠯᠠᠷᠢᠯ᠎ᠤᠨ ᠬᠡᠭᠡᠷᠡᠯᠡᠨ ᠭᠦᠶᠦᠬᠦ ᠤᠷᠤᠯᠳᠤᠭᠠᠨ ᠡᠬᠢᠯᠡᠵᠦ᠂ ᠪᠦᠬᠦ ᠬᠤᠳᠠ ᠶ᠋ᠢᠨ 28 ᠲᠥᠯᠥᠭᠡᠯᠡᠭᠴᠢ᠎ᠵᠢᠨ ᠠᠩᠭᠢ ᠵᠢᠨ 600 ᠭᠠᠷᠤᠢ ᠰᠤᠷᠤᠭ᠍ᠴᠢ ᠤᠷᠤᠯᠴᠠᠪᠠ᠃

  

✦《ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠤᠬᠠᠢ ᠤᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ᠎ᠶᠢᠨ ᠪᠣᠷᠣ᠌ ᠲᠥᠰᠥᠪ᠎ᠦᠨ ᠨᠡᠶ᠋ᠢᠲᠡ᠎ᠶᠢᠨ ᠭᠡᠷ᠎ᠡ》 ᠶ᠋ᠢᠨ ᠭᠤᠴᠢᠨ ᠨᠢᠭᠡᠳᠦᠭᠡᠷ ᠤᠳᠠᠭᠠᠨ᠎ᠤ ᠭᠡᠷᠡᠲᠦ ᠲᠠᠯ᠎ᠠ᠎ᠶᠢᠨ ᠶᠡᠬᠡ ᠬᠤᠷᠠᠯ ᠬᠣᠶᠠᠷ ᠡᠳᠦᠷ ᠬᠣᠢᠰᠢᠯᠠᠭᠠᠳ 22᠎ᠤᠨ ᠡᠳᠦᠷ ᠦᠨᠳᠦᠷᠯᠡᠪᠡ᠃ ᠲᠤᠬᠠᠢ᠎ᠶᠢᠨ ᠬᠤᠷᠠᠯ ᠡᠴᠠ ᠬᠥᠭᠵᠢᠵᠦ ᠪᠠᠢᠭ᠎ᠠ ᠤᠯᠤᠰ᠎ᠤᠳ᠎ᠤᠨ ᠨᠡᠢᠳᠡᠮ ᠠᠩᠬᠠᠷᠴᠤ ᠪᠠᠢᠭ᠎ᠠ ᠲᠥᠪ ᠭᠣᠣᠯᠴᠢ᠎ᠪᠠᠷ ᠬᠡᠯᠪᠡᠷᠢ᠎ᠪᠡᠨ ᠬᠤᠪᠢᠷᠠᠭᠤᠯᠬᠤ᠂ ᠤᠳᠠᠭᠠᠰᠢᠷᠠᠭᠤᠯᠬᠤ᠂ ᠵᠣᠬᠢᠴᠠᠭᠤᠯᠬᠤ᠂ ᠪᠡᠯᠡ ᠮᠥᠩᠭᠥ ᠵᠡᠷᠭᠡ ᠵᠥᠪᠯᠡᠬᠦ ᠵᠦᠢᠯ᠎ᠦᠨ ᠲᠤᠬᠠᠢ ᠠᠯᠢ ᠤᠯᠠᠨ ᠲᠣᠭᠲᠠᠭᠠᠯ ᠲᠣᠬᠢᠷᠠᠯᠴᠠᠭᠰᠠᠨ ᠪᠣᠯᠪᠠᠴᠤ ᠤᠯᠤᠰ ᠲᠦᠷᠦ ᠶ᠋ᠢᠨ ᠲᠣᠭᠲᠠᠭᠠᠯ᠎ᠤᠨ ᠲᠤᠬᠠᠢ ᠬᠠᠮᠲᠤ᠎ᠶᠢᠨ ᠲᠠᠨᠢᠯᠲᠠ᠎ᠲᠠᠢ ᠪᠣᠯᠵᠤ ᠴᠢᠳᠠᠭᠰᠠᠨ ᠦᠭᠡᠢ᠃

✦ᠰᠢᠨᠬᠤᠸᠠ ᠬᠣᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ ᠠᠩᠭ᠌ᠯᠢ᠎ᠶᠢᠨ ᠺᠠᠮᠪᠷᠢᠵ ᠶᠡᠬᠡ ᠰᠤᠷᠭᠠᠭᠤᠯᠢ 23᠎ᠤ ᠡᠳᠦᠷ ᠠᠯᠪᠠᠨ ᠮᠡᠳᠡᠭᠡ ᠨᠡᠢᠲᠡᠯᠡᠵᠦ᠂ ᠠᠩᠭ᠌ᠯᠢ ᠨᠢᠭᠡᠨᠲᠡ ᠺᠠᠮᠪᠷᠢᠵ ᠬᠤᠲᠠ ᠎ᠳᠦ ᠵᠣᠬᠢᠶᠠᠮᠠᠯ ᠣᠶᠤᠨ ᠴᠢᠳᠠᠪᠤᠷᠢ ᠪᠡᠷ ᠬᠥᠬᠥᠨ ᠪᠤᠯᠴᠢᠷᠬᠠᠢ᠎ᠶᠢᠨ ᠥᠮᠡᠨ᠎ᠢ ᠰᠢᠭ᠌ᠰᠢᠨ ᠪᠠᠢᠴᠠᠭᠠᠬᠤ ᠲᠤᠷᠰᠢᠯᠲᠠ᠎ᠶᠢ ᠬᠠᠮᠤᠭ᠎ᠤᠨ ᠲᠦᠷᠦᠭᠦᠨ᠎ᠳᠦ ᠡᠬᠢᠯᠡᠭᠦᠯᠵᠦ᠂ ᠡᠮᠴᠢ᠎ᠶᠢ ᠬᠠᠪᠰᠤᠷᠴᠤ ᠬᠥᠬᠥᠨ ᠪᠤᠯᠴᠢᠷᠬᠠᠢ᠎ᠶᠢᠨ ᠥᠮᠡᠨ᠎ᠢ ᠨᠠᠩ ᠡᠷᠲᠡ ᠢᠯᠡᠷᠡᠭᠦᠯᠵᠦ ᠳᠡᠶ᠋ᠢᠯᠬᠦ ᠡᠰᠡᠬᠦ᠎ᠶᠢ ᠦᠨᠡᠯᠡᠨ ᠵᠢᠱ᠌ᠢᠬᠦ᠎ᠶᠢᠨ ᠬᠠᠮᠲᠤ ᠬᠥᠬᠥᠨ ᠪᠤᠯᠴᠢᠷᠬᠠᠢ᠎ᠶᠢᠨ X ᠰᠠᠴᠤᠷᠠᠭ᠎ᠤᠨ ᠰᠢᠭ᠌ᠰᠢᠨ ᠪᠠᠢᠴᠠᠭᠠᠯᠲᠠ ᠶ᠋ᠢᠨ ᠵᠢᠷᠤᠭ ᠳᠦᠷᠰᠦ᠎ᠶᠢ ᠮᠠᠭᠠᠳᠯᠠᠨ ᠦᠵᠡᠬᠦ ᠠᠵᠢᠯ ᠤ᠋ᠨ ᠳᠠᠷᠤᠭᠠᠰᠤ᠎ᠶᠢ ᠬᠥᠩᠭᠡᠷᠡᠭᠦᠯᠵᠦ ᠳᠡᠶ᠋ᠢᠯᠬᠦ ᠡᠰᠡᠬᠦ᠎ᠶᠢ ᠦᠨᠡᠯᠡᠨ ᠵᠢᠱ᠌ᠢᠵᠦ ᠪᠠᠢᠨ᠎ᠠ᠃

 

✦ᠤᠯᠠᠭᠠᠨᠬᠠᠳᠠ ᠬᠤᠳᠠ ᠵᠢᠨ ᠶᠤᠸᠠᠨ ᠪᠦᠦ ᠱᠠᠨ ᠲᠣᠭᠣᠷᠢᠭ᠋ 26 ᠵᠠᠰᠠᠭ ᠤ᠋ᠨ ᠣᠷᠳᠣᠨ᠎ᠤ ᠲᠤᠰᠬᠠᠢ ᠳᠤᠰᠢᠶᠠᠯᠲᠤ ᠭᠠᠯ ᠤᠨᠲᠠᠷᠠᠭᠠᠭ᠍ᠴᠢ᠎ᠡᠯᠰᠡᠨ᠎ᠠ᠃ 

 

✦ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠳᠦᠷ ᠪᠦᠷᠢ 6 ᠴᠠᠭ ᠠ᠋ᠴᠠ ᠢᠯᠡᠭᠦᠦ ᠤᠳᠠᠭᠠᠨ ᠰᠠᠭᠤᠪᠠᠯ ᠪᠡᠶ᠎ᠡ᠎ᠶᠢᠨ ᠳᠠᠷᠤᠭᠠᠰᠤ ᠢᠯᠡᠳᠲᠡ ᠨᠡᠮᠡᠭᠳᠡᠬᠦ ᠪᠣᠯᠣᠨ᠎ᠠ᠃ ᠡᠢᠮᠦ ᠡᠴᠡ 60 ᠮᠢᠨᠦ᠋ᠲ ᠰᠠᠭᠤᠬᠤ ᠪᠦᠷᠢ ᠪᠣᠰᠤᠭᠠᠳ ᠬᠡᠳᠦᠨ ᠮᠢᠨᠦ᠋ᠲ ᠠᠯᠬᠤᠬᠤ᠎ᠶᠢ ᠰᠠᠨᠠᠭᠤᠯᠤᠶ᠎ᠠ᠃

 

 

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠮᠥᠩᠬᠡᠪᠠᠶᠠᠷ

  • ᠮᠡᠷᠭᠡᠵᠢᠯ᠄

    ᠬᠠᠢ ᠯᠢ ᠶᠠᠨ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面