ᠲᠡᠷᠢᠭᠦᠨ ᠨᠢᠭᠤᠷ>ᠦᠷᠯᠦᠭᠡ ᠶ᠋ᠢᠨ ᠮᠡᠳᠡᠭᠡ

2026-11-27 11:11:07

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠨᠡᠢᠭᠡᠮ 

✦ᠣᠳᠣᠬᠠᠨ᠎ᠳᠤ ᠪᠥᠬᠥ ᠤᠯᠤᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠎ᠤᠨ ᠳᠠᠯᠠᠪᠠᠢ 10 ᠳ᠋ᠦᠩᠰᠢᠭᠤᠷ ᠮᠦ᠍᠎ᠳᠤ ᠬᠦᠷᠴᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠬᠦᠯᠬᠡ ᠵᠢᠨ ᠬᠤᠭᠤᠴᠠᠭᠠᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠴᠢᠨᠠᠷ ᠰᠠᠢᠲᠠᠢ ᠠᠬᠢᠭᠤᠯᠵᠤ᠂ ᠨᠥᠬᠥᠴᠡᠯ ᠪᠦᠷᠢᠯᠳᠦᠭᠦᠯᠦᠭᠰᠡᠨ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ᠎ᠢᠶᠠᠷ ᠪᠦᠬᠦᠨ ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶ᠋ᠢᠭᠤᠯᠬᠤ ᠪᠡᠷ ᠪᠤᠢ᠃

✦ᠤᠢᠷ᠎ᠠ᠎ᠳᠤ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶᠢᠨ ᠲᠤᠰᠬᠠᠢ ᠮᠡᠷᠭᠡᠵᠢᠯᠲᠡᠨ᠎ᠤ ᠳᠤᠭᠤᠢᠯᠠᠩ᠎ᠤᠨ ᠲᠤᠬᠠᠢ᠎ᠶᠢᠨ ᠭᠠᠵᠠᠷ᠎ᠤᠨ ᠰᠢᠯᠭᠠᠨ ᠦᠨᠡᠯᠡᠯᠲᠡ ᠎ᠪᠠᠷ ᠳᠠᠮᠵᠢᠨ᠂ ᠭᠤᠸᠠᠩᠰᠢ᠎ᠶᠢᠨ ᠴᠢᠨᠵᠧᠦ ᠭᠠᠷᠠᠮ᠎ᠤᠨ ᠪᠣᠭᠣᠮᠲᠠ 《ᠣᠯᠠᠨ ᠤᠯᠤᠰ᠎ᠤᠨ ᠡᠷᠡᠭᠦᠯ ᠬᠠᠮᠠᠭᠠᠯᠠᠯ ᠎ᠤᠨ ᠭᠠᠷᠠᠮ》᠎ᠤᠨ ᠴᠣᠯᠠ ᠬᠦᠷᠲᠡᠵᠦ᠂ ᠮᠠᠨ᠎ᠤ ᠤᠯᠤᠰ᠎ᠤᠨ ᠳᠤᠮᠳᠠ ᠪᠠᠷᠠᠭᠤᠨ ᠪᠡᠶ᠎ᠡ᠎ᠶᠢᠨ ᠭᠠᠵᠠᠷ ᠣᠷᠣᠨ᠎ᠤ ᠲᠤᠰ ᠭᠡᠷᠡᠴᠢᠯᠡᠯ᠎ᠢ ᠣᠯᠣᠭᠰᠠᠨ ᠠᠩᠬᠠᠳᠠᠭ᠍ᠴᠢ ᠣᠰᠣᠨ ᠲᠡᠭᠡᠭᠡᠪᠦᠷᠢ᠎ᠶᠢᠨ ᠪᠣᠭᠣᠮᠲᠠ ᠪᠣᠯᠤᠭᠰᠠᠨ ᠪᠠᠢᠨ᠎ᠠ᠃

✦ᠤᠢᠷ᠎ᠠ᠎ᠳᠤ ᠬᠥᠬᠡᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠥᠷᠭᠡᠨ᠎ᠢᠶᠡᠷ ᠰᠠᠨᠠᠯ ᠬᠤᠷᠢᠶᠠᠵᠤ᠂ ᠲᠤᠰᠬᠠᠢ ᠮᠡᠷᠭᠡᠵᠢᠯᠲᠡᠨ᠎ᠢᠶᠡᠷ ᠨᠤᠲᠠᠯᠠᠭᠤᠯᠤᠨ᠂ ᠬᠤᠲᠠ᠎ᠶᠢᠨ ᠵᠠᠰᠠᠭ᠎ᠤᠨ ᠣᠷᠳᠣᠨ᠎ᠤ ᠪᠠᠢᠩᠭᠤ ᠎ᠶᠢᠨ ᠬᠤᠷᠠᠯ ᠎ᠢᠶᠠᠷ ᠰᠤᠳᠤᠯᠤᠨ ᠪᠠᠲᠤᠯᠠᠬᠤ᠎ᠪᠠᠷ ᠳᠡᠮᠵᠢᠵᠦ᠂ ᠬᠤᠲᠠ ᠲᠣᠭᠣᠷᠢᠭ᠋᠎ᠲᠠᠬᠢ 21 ᠵᠤᠷᠪᠤᠰ ᠵᠠᠮ᠎ᠢ ᠨᠡᠷᠡᠢᠳᠬᠦ ᠎ᠪᠡᠷ ᠲᠣᠭᠲᠠᠪᠠ᠃

 ✦11 ᠰᠠᠷ᠎ᠠ᠎ᠶᠢᠨ 24᠎ᠦ ᠡᠳᠦᠷ᠂ ᠰᠢᠨ᠎ᠡ᠎ᠪᠠᠷ ᠵᠠᠰᠠᠭᠰᠠᠨ ᠢᠷᠭᠠᠢ᠎ᠠᠴᠠ ᠪᠠᠶᠠᠨᠬᠣᠲᠠ ᠬᠦᠷᠬᠦ ᠲᠦᠷᠭᠡᠨ᠎ᠤ ᠲᠡᠮᠦᠷ ᠵᠠᠮ᠎ᠤᠨ ᠬᠣᠯᠪᠤᠭᠠᠯᠠᠨ ᠲᠣᠬᠢᠷᠠᠭᠤᠯᠵᠤ ᠬᠣᠯᠪᠤᠭᠠᠯᠠᠨ ᠲᠤᠷᠰᠢᠬᠤ ᠠᠵᠢᠯ ᠳᠠᠭᠤᠰᠴᠤ᠂ ᠲᠤᠷᠰᠢᠨ ᠠᠵᠢᠯᠯᠠᠬᠤ ᠱᠠᠲᠤᠨ᠎ᠳᠤ ᠣᠷᠣᠪᠠ᠃

✦11 ᠰᠠᠷ᠎ᠠ᠎ᠶᠢᠨ 25᠎ᠤ ᠡᠳᠦᠷ᠎ᠠᠴᠠ 12 ᠰᠠᠷ᠎ᠠ᠎ᠶᠢᠨ 10᠎ᠤ ᠡᠳᠦᠷ ᠪᠣᠯᠲᠠᠯ᠎ᠠ᠂ ᠰᠢᠯᠢᠩᠬᠣᠲᠠ᠎ᠶᠢᠨ ᠨᠢᠰᠬᠡᠯ᠎ᠦᠨ ᠪᠠᠭᠤᠳᠠᠯ ᠨᠢ ᠬᠤᠸᠠ ᠰᠢᠶᠠ ᠠᠭᠠᠷ ᠎ᠤᠨ ᠠᠶᠠᠯᠠᠯ ᠎ᠤᠨ ᠺᠣᠮᠫᠠᠨᠢ ᠎ᠲᠠᠢ ᠬᠠᠮᠲᠤᠷᠠᠨ᠂ ᠰᠢᠯᠢᠩᠬᠣᠲᠠ᠎ᠠᠴᠠ ᠪᠤᠭᠤᠲᠤ ᠬᠦᠷᠬᠦ ᠠᠭᠠᠷ᠎ᠤᠨ ᠠᠶᠠᠯᠠᠯ᠎ᠤᠨ ᠱᠤᠭᠤᠮ᠎ᠳᠤ ᠱᠠᠲᠤᠴᠢ ᠴᠢᠨᠠᠷᠲᠠᠢ᠎ᠪᠠᠷ ᠨᠢᠰᠬᠡᠯ ᠨᠡᠮᠡᠪᠡ᠃ ᠰᠢᠨ᠎ᠡ᠎ᠪᠠᠷ ᠡᠭᠡᠯᠵᠢ ᠲᠣᠬᠢᠷᠠᠭᠤᠯᠤᠬᠰᠠᠨ ᠡᠴᠡ ᠰᠡᠭᠦᠯᠡᠷ ᠰᠢᠯᠢᠩᠬᠣᠲᠠ᠎ᠠᠴᠠ ᠪᠤᠭᠤᠲᠤ ᠬᠦᠷᠬᠦ ᠨᠢᠰᠬᠡᠯ᠎ᠦᠨ ᠡᠭᠡᠯᠵᠢ ᠵᠢᠨ ᠲᠣᠭ᠎ᠠ ᠨᠢ ᠡᠳᠦᠷ ᠪᠦᠷᠢ 3 ᠡᠭᠡᠯᠵᠢ ᠪᠣᠯᠣᠨ ᠨᠡᠮᠡᠭᠳᠡᠵᠦ᠂ ᠠᠶᠠᠨᠴᠢᠳ᠎ᠲᠤ ᠨᠠᠩ ᠳᠥᠬᠥᠮ ᠨᠥᠬᠥᠴᠡᠯ ᠬᠠᠩᠭᠠᠬᠤ ᠪᠤᠯᠤᠨ᠎ᠠ᠃   

✦ᠦᠦᠰᠢᠨ ᠬᠣᠰᠢᠭᠤᠨ᠎ᠤ ᠠᠮᠢ ᠨᠠᠰᠤᠨ ᠎ᠤ ᠠᠮᠤᠷ ᠲᠦᠪᠰᠢᠨ᠎ᠦ ᠬᠥᠮᠦᠵᠢᠯ᠎ᠦᠨ ᠰᠠᠭᠤᠷᠢᠨ ᠤᠷᠴᠢᠮᠬᠠᠨ ᠠᠰᠢᠭ᠍ᠯᠠᠯᠲᠠ᠎ᠳᠤ ᠣᠷᠣᠵᠤ᠂ ᠰᠠᠭᠤᠭᠠᠯᠢ ᠠᠷᠠᠳ᠂ ᠰᠤᠷᠤᠭ᠍ᠴᠢ᠂ ᠪᠠᠢᠭᠤᠯᠭ᠎ᠠ ᠨᠢᠭᠡᠴᠢ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠮᠢ ᠨᠠᠰᠤᠨ᠎ᠤ ᠠᠮᠤᠷ ᠲᠦᠪᠰᠢᠨ᠎ᠤ ᠬᠥᠮᠦᠵᠢᠯ ᠎ᠢ ᠥᠷᠨᠢᠭᠦᠯᠬᠦ᠂ ᠭᠠᠮᠰᠢᠭ᠋ ᠡᠴᠡ ᠰᠡᠷᠭᠡᠢᠯᠡᠵᠦ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ ᠴᠢᠬᠤᠯᠠ  ᠭᠠᠵᠠᠷ ᠪᠣᠯᠪᠠ᠃

✦ᠤᠷᠴᠢᠮᠬᠠᠨ ᠵᠠᠷᠤᠳ ᠬᠣᠰᠢᠭᠤ ᠴᠠᠭ ᠎ᠢ ᠠᠮᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠱᠠᠯᠠᠪᠳᠠᠭᠤᠯᠤᠨ ᠠᠬᠢᠭᠤᠯᠵᠤ᠂ ᠢᠳᠡᠭᠳᠡᠭᠰᠡᠨ ᠭᠤᠤ᠎ᠶᠢ ᠵᠠᠰᠠᠬᠤ᠂ ᠲᠠᠷᠢᠶᠠᠨ ᠭᠠᠵᠠᠷ ᠎ᠤᠨ ᠵᠠᠮ ᠎ᠢ ᠲᠥᠬᠥᠷᠵᠢᠭᠦᠯᠬᠦ  ᠵᠡᠷᠭᠡ ᠲᠦᠷᠦᠯ ᠵᠤᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠬᠥᠲᠥᠯ ᠬᠠᠵᠠᠭᠤ ᠎ᠳᠠᠬᠢ ᠲᠠᠷᠢᠶᠠᠨ ᠭᠠᠵᠠᠷ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ ᠬᠦᠴᠢᠷ ᠠᠰᠠᠭᠤᠳᠠᠯ ᠎ᠢ ᠰᠢᠢᠳᠪᠦᠷᠢᠯᠡᠵᠦ᠂ ᠬᠡᠪᠴᠢᠶᠡᠵᠢᠭᠰᠡᠨ ᠠᠮᠤ ᠪᠤᠳᠠᠭᠠᠨ᠎ᠤ ᠦᠢᠯᠡᠳᠪᠦᠷᠢᠯᠡᠯ᠎ᠳᠦ ᠨᠥᠬᠥᠴᠡᠯ ᠪᠦᠷᠢᠯᠳᠦᠭᠦᠯᠦᠨ ᠥᠭᠴᠦ ᠪᠠᠢᠨ᠎ᠠ᠃

✦《ᠣᠷᠳᠣᠰ — ᠨᠠᠨᠵᠢᠩ᠎ᠤᠨ ᠰᠡᠬᠡᠭᠡᠲᠡᠳ᠎ᠦᠨ ᠨᠡᠶ᠋ᠢᠲᠡ᠎ᠶᠢᠨ ᠠᠰᠠᠷᠠᠮᠵᠢ᠎ᠶᠢᠨ ᠰᠠᠭᠤᠷᠢ ᠮᠥᠩᠭᠥ》ᠡᠴᠡ ᠣᠲᠤᠭ ᠬᠣᠰᠢᠭᠤᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠵᠣᠭᠣᠰ ᠬᠠᠨᠳᠢᠪᠯᠡᠬᠤ ᠶᠣᠰᠣᠯᠠᠯ ᠤᠷᠴᠢᠮᠬᠠᠨ ᠨᠠᠨᠵᠢᠩ ᠬᠣᠲᠠ᠎ᠳᠤ ᠶᠠᠪᠤᠭᠳᠠᠪᠠ᠃ ᠲᠤᠰ ᠤᠳᠠᠭ᠎ᠠ ᠨᠡᠶ᠋ᠢᠲᠡ᠎ᠶᠢᠨ ᠠᠰᠠᠷᠠᠮᠵᠢ᠎ᠪᠠᠷ ᠮᠠᠯᠵᠢᠬᠤ ᠣᠷᠣᠨ᠎ᠤ ᠰᠤᠷᠭᠠᠨ ᠬᠥᠮᠦᠵᠢᠯ ᠎ᠢ ᠳᠡᠮᠵᠢᠬᠦ ᠎ᠶᠢ  ᠵᠤᠷᠢᠵᠤ᠂ ᠣᠲᠣᠭ ᠬᠣᠰᠢᠭᠤᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠳᠤ 30 ᠲᠦᠮᠡᠨ ᠲᠥᠭᠥᠷᠢᠭ ᠬᠠᠨᠳᠢᠪᠯᠠᠪᠠ᠃

✦ᠣᠢᠷ᠎ᠠ ᠎ᠳᠤ ᠤᠷᠠᠳ ᠎ᠤᠨ ᠳᠤᠮᠳᠠᠳᠤ  ᠬᠣᠰᠢᠭᠤᠨ ᠎ᠤ ᠡᠮᠡᠭᠲᠡᠢᠴᠦᠳ᠎ᠤᠨ ᠬᠣᠯᠪᠣᠭ᠎ᠠ 2026 ᠣᠨ᠎ᠤ《ᠡᠬᠡᠴᠦᠦᠯ᠎ᠤᠨ ᠰᠢᠤᠳᠠᠨ ᠪᠣᠭᠣᠳᠠᠯ》 ᠎ᠢ ᠲᠠᠷᠬᠠᠭᠠᠬᠤ ᠶᠣᠰᠣᠯᠠᠯ ᠶᠠᠪᠤᠭᠳᠠᠭᠤᠯᠵᠤ᠂ 42 ᠬᠦᠴᠢᠷᠳᠡᠯ᠎ᠳᠦ ᠲᠤᠯᠭᠠᠷᠠᠭᠰᠠᠨ ᠡᠵᠢ᠎ᠳᠦ ᠨᠡᠢ᠍ᠢᠲᠡ 8400 ᠲᠥᠭᠥᠷᠢᠭ᠎ᠦᠨ ᠥᠷᠲᠡᠭ ᠪᠦᠬᠦᠢ 《ᠡᠬᠡᠴᠦᠦᠯ ᠎ᠦᠨ ᠰᠢᠤᠳᠠᠨ ᠪᠣᠭᠣᠳᠠᠯ》 ᠎ᠢ ᠲᠦᠭᠡᠭᠡᠵᠡᠢ᠃


✦ᠡᠨᠡ ᠵᠢᠯ᠎ᠦᠨ 1 — 10 ᠰᠠᠷ᠎ᠠ ᠪᠣᠯᠲᠠᠯ᠎ᠠ᠂ ᠪᠦᠬᠦ ᠤᠯᠤᠰ᠎ᠤᠨ ᠢᠳᠡᠭᠡᠨ ᠤᠮᠳᠠᠭᠠᠨ᠎ᠤ ᠤᠢᠯᠡᠰ᠎ᠤᠨ ᠣᠷᠣᠯᠭ᠎ᠠ 4.72 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 2.2% ᠵᠢᠡᠷ ᠨᠡᠮᠡᠭᠳᠡᠪᠡ᠃

 

✦11 ᠰᠠᠷ᠎ᠠ᠎ᠶᠢᠨ 24 ᠎ᠦ ᠡᠳᠦᠷ᠂ ᠥᠪᠥᠷ ᠮᠣᠩᠭᠣᠯ᠎ᠤᠨ ᠺᠢᠨᠣ᠋ ᠪᠦᠯᠦᠭᠯᠡᠯ᠎ᠡᠴᠡ ᠣᠢᠯᠠᠭᠠᠭᠰᠠᠨ᠎ᠢᠶᠠᠷ᠂ 32 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠢᠮᠲᠠᠲᠤ ᠺᠢᠨᠣ᠋ ᠎ᠶᠢᠨ ᠡᠷᠳᠡᠮ ᠰᠢᠨᠵᠢᠯᠡᠭᠡᠨ᠎ᠦ ᠶᠣᠰᠣᠯᠠᠯ ᠳᠡᠭᠡᠷ᠎ᠡ ᠥᠪᠥᠷ ᠮᠣᠩᠭᠣᠯ᠎ᠤᠨ ᠲᠣᠭᠠᠴᠢᠯᠠᠭᠰᠠᠨ ᠰᠣᠶᠣᠯ ᠳᠠᠭᠤᠨ ᠳᠦᠷᠰᠦ ᠰᠢᠩᠭᠡᠭᠡᠯᠲᠡ᠎ᠶᠢᠨ ᠬᠡᠪᠯᠡᠯ᠎ᠦᠨ ᠬᠣᠷᠢᠶ᠎ᠠ᠎ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠠᠴᠠ ᠰᠣᠩᠭᠣᠨ ᠳᠡᠪᠰᠢᠭᠦᠯᠦᠭᠰᠡᠨ 《ᠮᠣᠩᠭᠣᠯ ᠮᠣᠷᠢ》 ᠭᠡᠬᠦ ᠪᠠᠷᠢᠮᠲᠠᠲᠤ ᠺᠢᠨᠣ᠋ ᠨᠢ ᠮᠢᠩᠭ᠎ᠠ ᠭᠠᠷᠤᠢ ᠪᠦᠲᠦᠭᠡᠯ ᠎ᠦᠨ ᠳᠤᠮᠳᠠ᠎ᠠᠴᠠ ᠴᠣᠯᠭᠣᠷᠠᠨ ᠭᠠᠷᠴᠤ᠂ ᠰᠢᠷᠢᠰ ᠣᠬᠣᠷ ᠹᠢᠯᠢᠮ ᠎ᠦᠨ 《ᠰᠠᠢᠨ ᠪᠦᠲᠦᠭᠡᠯ》 ᠎ᠦᠨ ᠱᠠᠩᠨᠠᠯ ᠎ᠢ ᠬᠦᠷᠲᠡᠭᠰᠡᠨ ᠪᠠᠢᠨ᠎ᠠ ᠃

✦ᠣᠢᠷ᠎ᠠ᠎ᠳᠤ ᠤᠷᠠᠳ᠎ᠤᠨ ᠬᠣᠢᠲᠤ ᠬᠣᠰᠢᠭᠤᠨ᠎ᠤ ᠰᠣᠶᠣᠯ᠎ᠤᠨ ᠣᠷᠳᠣᠨ ᠳᠥᠷᠪᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠎ᠶᠢ ᠤᠷᠢᠨ ᠨᠠᠨᠵᠢᠩ᠎ᠳᠦ ᠶᠠᠪᠤᠭᠳᠠᠭᠰᠠᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠰᠣᠶᠣᠯ᠎ᠤᠨ ᠥᠪ᠎ᠦᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ᠎ᠳᠤ ᠣᠷᠣᠯᠴᠠᠭᠤᠯᠵᠠᠢ᠃

✦ᠤᠢᠷ᠎ᠠ ᠵᠢᠨ ᠡᠳᠤᠷ ᠦᠤᠰᠢᠨ ᠬᠤᠰᠢᠭᠤᠨ ᠎ᠤ ᠦᠨᠳᠦᠰᠦᠳᠡᠨ᠎ᠤ ᠬᠡᠷᠡᠭ ᠡᠷᠭᠢᠯᠡᠬᠦ ᠵᠦᠪᠯᠡᠯ ᠡᠴᠡ ᠡᠷᠬᠢᠯᠡᠨ ᠶᠠᠪᠤᠭᠳᠠᠭᠤᠯᠤᠭᠰᠠᠨ ᠠᠷᠠᠰᠤᠨ ᠰᠡᠢᠯᠦᠮᠡᠯ᠂ ᠠᠷᠠᠰᠤᠨ ᠡᠳ᠋ᠯᠡᠯ ᠂ ᠮᠣᠷᠢᠨ ᠡᠳ᠋ᠯᠡᠯ᠎ᠦᠨ ᠨᠡᠶ᠋ᠢᠲᠡ᠎ᠶᠢᠨ  ᠠᠰᠠᠷᠠᠮᠵᠢ᠎ᠶᠢᠨ ᠪᠣᠯᠪᠠᠰᠤᠷᠠᠯ ᠠᠮᠵᠢᠯᠲᠠ ᠲᠠᠢ ᠲᠡᠭᠦᠰᠴᠦ᠂ ᠠᠷᠪᠠᠨ ᠡᠳᠦᠷ᠎ᠤᠨ ᠪᠣᠯᠪᠠᠰᠤᠷᠠᠯ᠎ᠳᠤ ᠬᠣᠷᠢ ᠭᠠᠷᠤᠢ ᠬᠥᠮᠥᠨ ᠣᠷᠣᠯᠴᠠᠭᠰᠠᠨ ᠪᠠᠢᠨ᠎ᠠ᠃

 

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 11 ᠰᠠᠷ᠎ᠠ ᠵᠢᠨ 25᠎ᠤ ᠡᠳᠤᠷ᠂ ᠡᠸᠦ᠋ᠷᠦᠫᠡ ᠲᠢᠪ ᠎ᠦᠨ ᠤᠯᠤᠰ ᠎ᠤᠳ ᠎ᠤᠨ ᠬᠣᠯᠪᠣᠭ᠎ᠠ ᠎ᠶᠢᠨ ᠬᠡᠷᠡᠭ ᠡᠷᠬᠢᠯᠡᠭᠴᠢᠳ᠎ᠦᠨ ᠬᠤᠷᠠᠯ᠎ᠠᠴᠠ᠂ ᠤᠷᠤᠰ᠎ᠤᠨ 15 ᠪᠣᠳᠠᠲᠤ ᠴᠣᠭᠴᠠ᠎ᠶᠢ ᠭᠠᠳᠠᠭᠠᠳᠤ᠎ᠳᠤ ᠭᠠᠷᠭᠠᠬᠤ᠎ᠶᠢ ᠬᠢᠵᠠᠭᠠᠷᠯᠠᠬᠤ ᠨᠡᠷᠡᠰ᠎ᠲᠦ ᠣᠷᠣᠭᠤᠯᠵᠤ᠂ ᠡᠳᠡᠭᠡᠷ ᠪᠣᠳᠠᠲᠤ ᠴᠣᠭᠴᠠ᠎ᠶᠢᠨ ᠴᠡᠷᠢᠭ ᠠᠷᠠᠳ᠎ᠤᠨ ᠬᠣᠶᠠᠷ ᠬᠡᠷᠡᠭᠴᠡᠭᠡᠲᠦ ᠪᠣᠳᠠᠰ ᠪᠣᠯᠣᠨ ᠲᠡᠷᠢᠭᠦᠨ᠎ᠦ ᠮᠡᠷᠭᠡᠵᠢᠯ᠎ᠢ ᠭᠠᠳᠠᠭᠠᠳᠤ᠎ᠳᠤ ᠭᠠᠷᠭᠠᠬᠤ ᠬᠢᠵᠠᠭᠠᠷᠯᠠᠯ᠎ᠢ ᠤᠯᠠᠮ ᠴᠢᠨᠠᠭᠰᠢᠳᠠ ᠴᠢᠩᠭᠠᠷᠠᠭᠤᠯᠤᠨ᠎ᠠ ᠭᠡᠵᠦ ᠨᠡᠢᠲᠡᠯᠡᠪᠡ᠃

✦ᠰᠢᠨᠬᠤᠸᠠ ᠬᠤᠷᠢᠶ᠎ᠠ ᠵᠢᠨ ᠮᠡᠳᠡᠭᠡ ᠵᠢ ᠦᠨᠳᠦᠰᠦᠯᠡᠪᠡᠯ᠂ 11 ᠰᠠᠷ᠎ᠠ ᠵᠢᠨ 25᠎ᠤ ᠡᠳᠤᠷ᠂ ᠢᠷᠠᠨ᠎ᠤ ᠢᠰᠯᠠᠮ᠎ᠤᠨ ᠬᠤᠪᠢᠰᠬᠠᠯᠲᠤ ᠬᠠᠮᠠᠭᠠᠯᠠᠯᠲᠠ᠎ᠶᠢᠨ ᠠᠩᠭᠢ᠎ᠶᠢᠨ ᠳᠠᠯᠠᠶ᠎ᠶᠢᠨ ᠴᠡᠷᠢᠭ ᠢᠯᠡᠷᠬᠡᠢᠯᠡᠯ ᠨᠡᠢᠲᠡᠯᠡᠵᠦ᠂ 《ᠳᠤᠬᠲᠠᠭᠠᠯ ᠡᠴᠡ ᠵᠦᠷᠢᠴᠡᠭᠰᠡᠨ》ᠬᠣᠶᠠᠷ ᠲᠣᠰᠣᠨ ᠣᠩᠭᠣᠴᠠ ᠬᠤᠷᠮᠤᠽ ᠬᠣᠭᠣᠯᠠᠢ᠎ᠶᠢᠨ ᠤᠰᠤᠨ ᠣᠷᠣᠨ᠎ᠳᠤ ᠳᠡᠯᠪᠡᠷᠡᠯᠲᠡ ᠡᠭᠦᠰᠴᠤ ᠭᠠᠯ ᠭᠠᠷᠴᠠᠢ ᠭᠡᠵᠡᠢ᠃ 

 

✦ᠪᠤᠭᠤᠳᠤ ᠵᠢᠨ ᠪᠤᠯᠤᠳ ᠳᠡᠮᠤᠷ᠎ᠤᠨ (ᠪᠦᠯᠦᠭᠯᠡᠯ)  ᠺᠤᠮᠫᠠᠨᠢ ᠠᠵᠢᠯᠳᠠᠨ ᠡᠯᠰᠡᠵᠤ ᠪᠤᠢ᠃

 

 

✦ᠬᠠᠮᠢᠶ᠎ᠠ ᠪᠦᠬᠦᠢ ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ ᠦᠷᠭᠦᠯᠵᠢ ᠮᠥᠭᠥ ᠢᠳᠡᠳᠡᠭ ᠬᠥᠮᠥᠨ᠎ᠦ ᠭᠠᠩᠰᠠᠷᠠᠬᠤ ᠡᠪᠡᠳᠴᠢᠨ᠎ᠳᠦ ᠨᠡᠷᠪᠡᠭᠳᠡᠬᠦ ᠲᠦᠭᠰᠢᠭᠦᠷᠢ ᠨᠡᠯᠢᠶᠡᠳ ᠳᠣᠣᠷ᠎ᠠ ᠪᠠᠢᠳᠠᠭ᠃ ᠰᠤᠳᠤᠯᠭᠠᠲᠠᠳ᠎ᠤᠨ ᠦᠵᠡᠬᠦ᠎ᠪᠡᠷ ᠮᠥᠭᠥ ᠎ᠳᠦ ᠸᠢᠲ᠋ᠠᠮᠢᠨ B12᠂ ᠺᠠᠯᠢ᠂ ᠢᠰᠦᠯᠳᠦᠬᠦ᠎ᠶᠢ ᠡᠰᠡᠷᠭᠦᠴᠡᠬᠦ ᠡᠳ᠋᠂ ᠦᠷᠪᠢᠰᠦᠯ᠎ᠢ ᠡᠰᠡᠷᠭᠦᠴᠡᠬᠦ ᠡᠳ᠋ ᠵᠡᠷᠭᠡ᠎ᠶᠢ ᠪᠠᠭᠲᠠᠭᠠᠭᠰᠠᠨ ᠣᠯᠠᠨ ᠵᠦᠢᠯ᠎ᠦᠨ ᠠᠮᠢᠳᠤ ᠪᠣᠳᠠᠰ᠎ᠤᠨ ᠢᠳᠡᠪᠬᠢ ᠨᠢᠭᠡᠳᠪᠦᠷᠢ ᠠᠭᠤᠯᠤᠭᠳᠠᠵᠤ ᠪᠠᠢᠳᠠᠭ᠃ ᠡᠢᠮᠤ ᠡᠴᠡ ᠭᠠᠷᠠᠭ ᠪᠦᠷᠢ 300 ᠭᠷᠡᠮ᠎ᠤᠨ ᠮᠥᠭᠥ ᠢᠳᠡᠬᠦ᠎ᠶᠢ ᠰᠠᠨᠠᠭᠤᠯᠵᠤ ᠪᠠᠢᠨ᠎ᠠ᠃ 

 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

    ᠤᠷᠠᠨᠲᠠᠨ᠎ᠠ

  • ᠮᠡᠷᠭᠡᠵᠢᠯ᠄

    ᠬᠤ᠌ ᠰᠠᠷᠠᠨ᠎ᠠ

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面