2026-11-28 12:40:09



ᠴᠠᠭ ᠲᠥᠷᠥ
✦ 27᠎ᠤ ᠡᠳᠦᠷ᠎ᠤᠨ ᠦᠳᠡ᠎ᠵᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠤᠳᠠᠭ᠎ᠠ᠎ᠵᠢᠨ ᠲᠥᠯᠥᠭᠡᠯᠡᠭᠴᠢᠳ᠎ᠤᠨ ᠶᠡᠬᠡ ᠬᠤᠷᠠᠯ ᠥᠪᠥᠷ ᠮᠤᠩᠭᠤᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠦ ᠥᠪᠡᠳᠡᠭᠰᠢ ᠶᠡᠬᠡᠪᠡᠷ ᠡᠬᠢᠯᠡᠪᠡ᠃
ᠨᠡᠢᠭᠡᠮ
✦ 26᠎ᠤ ᠡᠳᠦᠷ᠂ ᠬᠣᠷᠢᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠦᠨ ᠠᠷᠠᠯᠵᠢᠶᠠᠨ᠎ᠤ ᠴᠤᠭᠯᠠᠭᠠᠨ ᠱᠧᠨᠵᠧᠨ᠎ᠦ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠪᠡ᠃ ᠲᠤᠰ ᠬᠤᠭᠤᠴᠠᠭᠠᠨ᠎ᠤ ᠴᠤᠭᠯᠠᠭᠠᠨ᠎ᠳᠤ ᠨᠡᠢ᠍ᠢᠳᠡ 5000 ᠭᠠᠷᠤᠢ ᠠᠵᠤ ᠠᠬᠤᠢᠯᠠᠯ ᠵᠢᠴᠢ ᠪᠠᠢᠭᠤᠯᠤᠮᠵᠢ ᠣᠷᠣᠯᠴᠠᠨ᠂ ᠭᠤᠷᠪᠠᠨ ᠡᠳᠦᠷ᠎ᠦᠨ ᠬᠤᠭᠤᠴᠠᠭ᠎ᠠ᠎ᠲᠠᠢ ᠶᠠᠪᠤᠭᠳᠠᠵᠤ᠂ ᠵᠢᠱ᠌ᠢᠯᠲᠡ᠎ᠪᠡᠷ ᠲᠤᠰᠬᠠᠢ ᠮᠡᠷᠭᠡᠵᠢᠯ᠎ᠦᠨ ᠦᠵᠡᠭᠴᠢᠳ 50 ᠲᠦᠮᠡᠨ ᠬᠥᠮᠥᠨ ᠤᠳᠠᠭ᠎ᠠ᠎ᠳᠤ ᠬᠦᠷᠬᠦ ᠪᠣᠯᠣᠨ᠎ᠠ᠃
✦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠲᠦᠷᠦᠭᠦᠬᠡᠨ 《ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠥᠪᠡᠷᠮᠢᠴᠡ ᠣᠨᠴᠠᠯᠢᠭ᠋᠎ᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ》᠎ᠢ ᠬᠠᠮᠲᠤᠷᠠᠨ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠮᠠᠨ᠎ᠤ ᠤᠯᠤᠰ ᠨᠢᠭᠡ ᠪᠦᠯᠦᠭ ᠴᠢᠨᠠᠷ ᠰᠠᠢᠲᠠᠢ ᠮᠠᠰᠲᠧᠷ᠎ᠦᠨ ᠳᠡᠭᠡᠳᠦ ᠰᠤᠷᠭᠠᠭᠤᠯᠢ ᠪᠠ 100 ᠴᠢᠨᠠᠷ ᠰᠠᠢᠲᠠᠢ ᠲᠤᠰᠬᠠᠢ ᠠᠵᠢᠯ ᠮᠡᠷᠭᠡᠵᠢᠯ ᠢ ᠪᠦᠲᠦᠭᠡᠨ ᠪᠠᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃
✦ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ 26᠎ᠤ ᠡᠳᠦᠷ ᠮᠡᠳᠡᠭᠳᠡᠯ ᠨᠡᠢᠲᠡᠯᠡᠵᠦ᠂ ᠡᠷᠡᠭᠦᠯ ᠮᠡᠨᠳᠦ ᠶᠢᠨ ᠪᠡᠶ᠎ᠡ᠎ᠶᠢᠨ ᠪᠠᠢᠴᠠᠭᠠᠯᠲᠠ᠎ᠶᠢᠨ ᠪᠠᠢᠭᠤᠯᠤᠮᠵᠢ ᠡᠷᠡᠭᠦᠯ ᠮᠡᠨᠳᠦ᠎ᠶᠢᠨ ᠪᠡᠶ᠎ᠡ᠎ᠶᠢᠨ ᠪᠠᠢᠴᠠᠭᠠᠯᠲᠠ᠎ᠶᠢᠨ ᠲᠥᠷᠥᠯ ᠵᠦᠢᠯ᠎ᠦᠨ ᠬᠠᠮᠢᠶᠠᠷᠤᠯᠲᠠ᠎ᠶᠢ ᠵᠢᠷᠤᠮᠵᠢᠭᠤᠯᠵᠤ᠂ ᠪᠠᠢᠴᠠᠭᠠᠭᠳᠠᠭ᠍ᠴᠢᠶᠢ ᠠᠯᠪᠠᠳᠠᠯᠭ᠎ᠠ᠎ᠪᠠᠷ ᠪᠡᠶ᠎ᠡ᠎ᠶᠢᠨ ᠪᠠᠢᠴᠠᠭᠠᠯᠲᠠ ᠬᠢᠯᠭᠡᠵᠦ ᠪᠣᠯᠬᠤ ᠦᠭᠡᠢ ᠭᠡᠪᠡ᠃
✦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠲᠦᠷᠦᠭᠦᠬᠡᠨ ᠬᠣᠶᠠᠷ ᠰᠠᠯᠠᠭ᠎ᠠ ᠮᠥᠴᠢᠷ᠎ᠲᠠᠢ ᠬᠠᠮᠲᠤᠷᠠᠨ ᠬᠡᠷᠡᠭᠵᠢᠭᠦᠯᠬᠦ ᠲᠥᠰᠥᠯ ᠳᠠᠷᠤᠮᠠᠯᠯᠠᠨ ᠲᠠᠷᠬᠠᠭᠠᠵᠤ᠂ 2030 ᠣᠨ ᠪᠣᠯᠬᠤ᠎ᠳᠤ ᠪᠦᠷᠢᠨ ᠲᠡᠭᠦᠯᠳᠡᠷ᠂ ᠲᠡᠷᠢᠭᠦᠨ᠎ᠦ ᠴᠢᠳᠠᠪᠬᠢ᠎ᠲᠠᠢ ᠰᠢᠨ᠎ᠡ ᠨᠢᠭᠡ ᠦᠶ᠎ᠡ᠎ᠶᠢᠨ ᠴᠢᠮᠡᠭᠡ ᠬᠣᠯᠪᠣᠭᠠᠨ᠎ᠤ ᠲᠣᠣᠷ᠎ᠢ ᠪᠠᠢᠭᠤᠯᠤᠨ᠎ᠠ ᠭᠡᠵᠦ ᠲᠣᠳᠣᠷᠬᠠᠢᠯᠠᠪᠠ᠃
✦ ᠤᠢᠷ᠎ᠠ᠎ᠳᠦ ᠮᠠᠨ᠎ᠤ ᠤᠯᠤᠰ᠎ᠤᠨ ᠲᠤᠰᠬᠠᠢ ᠮᠡᠷᠭᠡᠵᠢᠯᠲᠡᠨ᠎ᠦ ᠲᠦᠷᠦᠭᠦᠯᠡᠨ ᠲᠣᠭᠲᠠᠭᠠᠭᠰᠠᠨ ᠵᠣᠬᠢᠶᠠᠮᠠᠯ ᠣᠶᠤᠨ ᠴᠢᠳᠠᠪᠤᠷᠢ᠎ᠵᠢᠨ ᠪᠣᠯᠪᠠᠰᠤᠷᠠᠯ᠎ᠤᠨ ᠲᠣᠭ᠎ᠠ ᠪᠠᠷᠢᠮᠲᠠ᠎ᠶᠢᠨ ᠶᠠᠰᠤ ᠴᠢᠨᠠᠷ᠎ᠤᠨ ᠣᠯᠠᠨ ᠤᠯᠤᠰ᠎ᠤᠨ ᠪᠠᠷᠢᠮᠵᠢᠶ᠎ᠠ᠎ᠵᠢ ᠡᠸᠦ᠋ᠷᠦᠫᠡ ᠲᠢᠪ᠎ᠦᠨ ᠬᠣᠯᠪᠣᠭᠳᠠᠯ ᠪᠦᠬᠦᠢ ᠪᠠᠢᠭᠤᠯᠤᠮᠵᠢ ᠨᠢᠭᠡᠨᠲᠡ ᠭᠥᠯᠢᠶᠡᠨ ᠠᠪᠴᠤ᠂ ᠡᠸᠦ᠋ᠷᠦᠫᠡ ᠲᠢᠪ᠎ᠦᠨ 30 ᠭᠠᠷᠤᠢ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠵᠢᠨ ᠲᠣᠭᠲᠠᠭᠠᠯ᠎ᠳᠤ ᠨᠡᠢᠴᠡᠭᠦᠯᠦᠨ ᠦᠨᠡᠯᠡᠨ ᠵᠢᠱ᠌ᠢᠬᠦ ᠴᠢᠬᠤᠯᠠ ᠮᠡᠷᠭᠡᠵᠢᠯ᠎ᠦᠨ ᠯᠠᠪᠯᠠᠯᠲᠠ ᠪᠣᠯᠭᠠᠬᠤ᠎ᠪᠡᠷ ᠪᠠᠢᠨ᠎ᠠ᠃
✦ ᠠᠷᠪᠠᠨ ᠵᠢᠷᠭᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠵᠡᠰᠬᠦᠯᠡᠩ 12 ᠰᠠᠷ᠎ᠠ᠎ᠶᠢᠨ 7 - 13᠎ᠤ ᠡᠳᠦᠷ ᠪᠣᠯᠲᠠᠯ᠎ᠠ ᠵᠦᠬᠠᠢ᠎ᠳᠤ ᠶᠠᠪᠤᠭᠳᠠᠬᠤ᠎ᠪᠡᠷ ᠪᠤᠢ᠃ ᠠᠭᠠᠷ᠎ᠤᠨ ᠴᠡᠷᠢᠭ 33 ᠬᠡᠯᠪᠡᠷᠢ᠎ᠶᠢᠨ 60 ᠭᠠᠷᠤᠢ ᠲᠣᠨᠣᠭ ᠲᠥᠬᠦᠭᠡᠷᠦᠮᠵᠢ᠎ᠵᠢ ᠦᠵᠡᠰᠬᠦᠯᠡᠩᠳᠦ ᠣᠷᠣᠯᠴᠠᠭᠤᠯᠬᠤ ᠪᠤᠯᠤᠨ᠎ᠠ᠃
✦ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠤᠷᠢ ᠬᠤᠳᠠᠯᠳᠤᠭᠠᠨ᠎ᠤ ᠬᠣᠯᠪᠣᠭ᠎ᠠ ᠤᠢᠷ᠎ᠡ᠎ᠳᠤ《ᠠᠵᠤ ᠠᠬᠤᠢᠯᠠᠯ᠎ᠳᠤ ᠭᠦᠨᠵᠡᠭᠡᠢᠷᠡᠬᠦ᠂ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠲᠥᠷᠥ᠎ᠶᠢᠨ ᠪᠣᠳᠣᠯᠭ᠎ᠠ ᠬᠦᠷᠭᠡᠬᠦ ᠬᠥᠭᠵᠢᠯᠲᠡ᠎ᠶᠢ ᠠᠬᠢᠭᠤᠯᠬᠤ》 ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠲᠣᠭᠣᠷᠢᠭ᠋᠎ᠤᠨ ᠲᠤᠰᠬᠠᠢ ᠠᠵᠢᠯᠯᠠᠭ᠎ᠠ ᠡᠷᠭᠢᠯᠡᠪᠡ᠃
✦ 2026 ᠣᠨ᠎ᠳᠤ ᠡᠷᠢᠶᠡᠨ ︱ ᠤᠯᠠᠭᠠᠨᠪᠠᠭᠠᠲᠤᠷ᠎ᠤᠨ ᠤᠯᠠᠨ ᠤᠯᠤᠰ᠎ᠤᠨ ᠠᠶᠠᠯᠠᠯ᠎ᠤᠨ ᠱᠤᠭᠤᠮ᠎ᠤᠨ ᠠᠶᠠᠨᠴᠢᠳ᠎ᠢ ᠵᠥᠭᠡᠭᠡᠪᠦᠷᠢᠯᠡᠭᠰᠡᠨ ᠬᠡᠮᠵᠢᠶ᠎ᠡ 5.1 ᠲᠦᠮᠡᠨ ᠬᠥᠮᠥᠨ ᠤᠳᠠᠭ᠎ᠠ᠎ᠶᠢ ᠳᠠᠪᠠᠵᠤ᠂ ᠲᠤᠰ ᠠᠶᠠᠯᠠᠯ᠎ᠤᠨ ᠱᠤᠭᠤᠮ ᠨᠡᠪᠲᠡᠷᠡᠭᠰᠡᠨ᠎ᠠᠴᠠ ᠨᠠᠭᠠᠰᠢᠬᠢ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
✦ 26᠎ᠤ ᠡᠳᠦᠷ᠂ ᠠᠯᠠᠱᠠ ᠠᠢᠮᠠᠭ᠎ᠤᠨ ᠬᠣᠶᠠᠳᠤᠭᠠᠷ ᠬᠤᠭᠤᠴᠠᠭᠠᠨ᠎ᠤ ᠴᠠᠭᠠᠨ ᠭᠣᠶᠣᠣ᠎ᠶᠢᠨ ᠠᠵᠤ ᠦᠢᠯᠡᠰ᠎ᠦᠨ ᠬᠥᠭᠵᠢᠯᠲᠡ ᠶ᠋ᠢᠨ ᠬᠤᠷᠠᠯ ᠵᠢᠴᠢ 《ᠴᠠᠭᠠᠨ ᠭᠣᠶᠣᠣ᠎ᠶᠢᠨ ᠸᠠᠩ》 ᠰᠢᠯᠭᠠᠷᠠᠭᠤᠯᠬᠤ ᠤᠷᠤᠯᠳᠤᠭᠠᠨ ᠪᠠᠶᠠᠨᠬᠣᠲᠠ᠎ᠳᠤ ᠶᠠᠪᠤᠭᠳᠠᠵᠠᠢ᠃
✦ ᠦᠢᠷ᠎ᠠ᠎ᠳᠤ ᠠᠯᠠᠱᠠ ᠵᠡᠭᠦᠨ ᠬᠣᠰᠢᠭᠤᠨ᠎ᠤ ᠥᠯᠵᠡᠢ ᠰᠤᠮᠤᠨ᠎ᠤ 《ᠲᠡᠩᠬᠡᠭᠡᠲᠡᠢ》 ᠲᠡᠮᠡᠭᠡᠨ ᠰᠦ᠎ᠶᠢᠨ ᠰᠠᠭᠤᠷᠢᠨ ᠠᠰᠢᠭ᠍ᠯᠠᠯᠲᠠ᠎ᠳᠤ ᠣᠷᠣᠵᠤ᠂ ᠲᠤᠬᠠᠢ᠎ᠶᠢᠨ ᠭᠠᠵᠠᠷ᠎ᠤᠨ ᠲᠡᠮᠡᠭᠡᠨ᠎ᠦ ᠠᠵᠤ ᠦᠢᠯᠡᠰ᠎ᠢ ᠬᠡᠪᠴᠢᠶᠡᠵᠢᠭᠦᠯᠦᠨ ᠬᠥᠭᠵᠢᠭᠦᠯᠬᠦ ᠳᠤᠲᠠᠭᠤᠳᠠᠯ ᠢ ᠨᠥᠬᠥᠪᠦᠷᠢᠯᠡᠵᠦ᠂ ᠠᠯᠠᠱᠠ ᠶᠢᠨ ᠲᠡᠮᠡᠭᠡᠨ ᠰᠦ ᠶᠢᠨ ᠣᠨᠴᠠᠯᠢᠭ᠍ᠲᠤ ᠠᠵᠤ ᠦᠢᠯᠡᠰ ᠦᠨ ᠴᠢᠨᠠᠷ ᠰᠠᠢᠲᠠᠢ ᠬᠥᠭᠵᠢᠯᠲᠡ ᠪᠣᠯᠣᠨ ᠮᠠᠯᠴᠢᠳ᠎ᠤᠨ ᠣᠷᠣᠯᠭ᠎ᠠ᠎ᠶᠢᠨ ᠨᠡᠮᠡᠭᠳᠡᠯ᠎ᠢ ᠠᠬᠢᠭᠤᠯᠪᠠ᠃
ᠠᠵᠤ ᠠᠬᠤᠢ
✦ 1 - 10 ᠰᠠᠷ᠎ᠠ ᠪᠣᠯᠲᠠᠯ᠎ᠠ᠂ ᠤᠯᠠᠭᠠᠨᠬᠠᠳᠠ ᠬᠤᠲᠠ᠎ᠶᠢᠨ ᠵᠢᠯ᠎ᠦᠨ ᠣᠷᠣᠯᠭ᠎ᠠ 200 ᠲᠦᠮᠡᠨ ᠲᠥᠭᠥᠷᠢᠭ᠎ᠡᠴᠡ ᠳᠡᠭᠡᠭᠰᠢᠬᠢ ᠢᠳᠡᠭᠡᠨ ᠤᠮᠳᠠᠭᠠᠨ᠎ᠤ ᠦᠢᠯᠡᠰ᠎ᠦᠨ ᠡᠵᠡᠩᠨᠡᠯᠲᠡ᠎ᠶᠢᠨ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 9.9%᠎ᠪᠡᠷ ᠨᠡᠮᠡᠭᠳᠡᠪᠡ᠃
ᠰᠣᠶᠣᠯ
✦ ᠤᠢᠷ᠎ᠠ᠎ᠳᠦ ᠠᠨᠾᠦ᠋ᠶ ᠬᠤᠲᠠ᠎ᠶᠢᠨ ᠪᠧᠩᠪᠦ᠋ ᠬᠣᠲᠠ᠎ᠶᠢᠨ ᠰᠣᠶᠣᠯ᠎ᠤᠨ ᠣᠷᠳᠣᠨ᠎ᠤ ᠤᠷᠢᠯᠭ᠎ᠠ᠎ᠪᠠᠷ ᠤᠷᠠᠳ᠎ᠤᠨ ᠳᠤᠮᠳᠠᠳᠤ ᠬᠣᠰᠢᠭᠤᠨ᠎ᠤ ᠤᠯᠠᠭᠠᠨᠮᠦ᠋ᠴᠢᠷ ᠪᠸᠩᠪᠦ᠋ ᠬᠣᠲᠠ᠎ᠳᠤ ᠬᠦᠷᠴᠦ᠂ 2026 ᠣᠨ᠎ᠤ ᠠᠨᠾᠦ᠋ᠶ᠎ᠶᠢᠨ ᠪᠣᠳᠠᠰ᠎ᠤᠨ ᠪᠤᠰᠤ ᠰᠤᠶᠤᠯ᠎ᠤᠨ ᠥᠪ᠎ᠦᠨ ᠳᠥᠷᠪᠡᠳᠦᠭᠡᠷ ᠤᠯᠠᠷᠢᠯ᠎ᠤᠨ ᠠᠵᠢᠯᠯᠠᠭ᠎ᠠ ᠪᠠ ᠤᠷᠠᠨ ᠰᠠᠢᠬᠠᠨᠦ ᠲᠣᠭᠯᠠᠯᠲᠠ ᠰᠣᠨᠢᠷᠬᠠᠬᠤ ᠠᠵᠢᠯᠯᠠᠭ᠎ᠠ᠎ᠳᠤ ᠣᠷᠣᠯᠴᠠᠵᠠᠢ᠃
✦ ᠲᠦᠷᠦᠭᠦᠬᠡᠨ ᠬᠥᠯᠥᠨ ᠪᠣᠶ᠋ᠢᠷ᠎ᠤᠨ 《ᠲᠠᠪᠤᠨ ᠲᠠᠩᠰᠤᠭ》 ᠬᠡᠦᠬᠡᠳ᠎ᠦᠨ ᠨᠠᠢᠷᠠᠯ ᠳᠠᠭᠤᠤ᠎ᠶᠢᠨ ᠪᠦᠯᠬᠦᠮ᠎ᠦᠨ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ ᠬᠥᠯᠥᠨ ᠪᠤᠢᠷ ᠬᠤᠲᠠ᠎ᠳᠦ ᠠᠮᠵᠢᠯᠲᠠ᠎ᠲᠠᠢ ᠶᠠᠪᠤᠭᠳᠠᠪᠠ᠃
ᠳᠡᠯᠡᠬᠡᠢ
✦ ᠲᠥᠪ ᠲᠸᠯᠸᠢᠰ᠎ᠤᠨ ᠮᠡᠳᠡᠭᠡᠵᠢ ᠦᠨᠳᠦᠰᠦᠯᠡᠪᠡᠯ᠂ ᠠᠨᠭ᠌ᠭ᠌ᠯᠢ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠠᠢᠳ ᠲᠦᠷᠦᠭᠦᠬᠡᠨ ᠢᠯᠡᠷᠬᠡᠢᠯᠡᠬᠦ ᠳ᠋ᠡᠭᠡᠨ᠂ ᠠᠨᠭ᠌ᠭ᠌ᠯᠢ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠠᠮᠤᠨ ᠨᠢᠭᠡᠨᠲᠡ 10 ᠲᠦᠮᠡ ᠰᠢᠬᠠᠮ ᠪᠠᠢᠯᠳᠤᠬᠤ ᠪᠣᠳᠣᠯᠭ᠎ᠠ᠎ᠶᠢᠨ ᠪᠡᠯᠡᠳᠬᠡᠯ ᠠᠯᠪᠠᠨ᠎ᠤ ᠬᠥᠮᠥᠰ᠎ᠲᠦ ᠵᠠᠬᠢᠳᠠᠯ ᠢᠯᠡᠭᠡᠵᠦ᠂ ᠲᠡᠶ᠋ᠢᠨ᠎ᠦ ᠦᠶ᠎ᠡ᠎ᠳᠦ ᠴᠡᠷᠢᠭ᠎ᠲᠦ ᠡᠯᠰᠡᠭᠳᠡᠵᠦ ᠳᠠᠬᠢᠨ ᠠᠯᠪᠠ ᠬᠠᠭᠠᠬᠤ᠎ᠳᠤ ᠰᠠᠢᠲᠤᠷ ᠪᠡᠯᠡᠳᠬᠡᠯ ᠬᠢᠬᠦ ᠬᠡᠷᠡᠭᠲᠡᠢ ᠭᠡᠵᠦ ᠱᠠᠭᠠᠷᠳᠠᠪᠠ ᠭᠡᠵᠡᠢ᠃
✦ ᠰᠢᠨᠬᠤᠸᠠ ᠬᠤᠷᠢᠶ᠎ᠠ᠎ᠵᠢᠨ ᠮᠡᠳᠡᠭᠡᠵᠢ ᠦᠨᠳᠦᠰᠦᠯᠡᠪᠡᠯ᠂ ᠲᠦᠷᠦᠭᠦᠬᠡᠨ ᠪᠷᠠᠽᠢᠯ᠎ᠤᠨ ᠬᠢᠨ ᠠᠮᠧᠷᠢᠺᠠ᠎ᠡᠴᠡ ᠪᠷᠠᠽᠢᠯ᠎ᠤᠨ ᠦᠢᠯᠡᠳᠦᠭᠰᠡᠨ ᠨᠢᠰᠬᠡᠯ ᠪᠣᠯᠣᠨ ᠰᠢᠬᠢᠷᠲᠦ ᠰᠢᠨ᠎ᠡ ᠪᠣᠭᠣᠮᠲᠠ᠎ᠶᠢᠨ ᠭᠠᠢᠯᠢ ᠲᠣᠭᠲᠠᠭᠠᠬᠤ ᠭᠡᠵᠦ ᠪᠠᠢᠭ᠎ᠠ ᠪᠠᠢᠳᠠᠯ᠎ᠢ ᠰᠢᠭᠦᠮᠵᠢᠯᠡᠪᠡ᠃
ᠦᠢᠯᠡᠴᠢᠯᠡᠭᠡ
✦ᠬᠥᠬᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋ ᠶᠡᠷᠦᠩᠬᠡᠢᠯᠡᠭᠰᠡᠨ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠠᠩᠭᠢ᠎ᠶᠢᠨ ᠭᠡᠰᠢᠭᠦᠨ ᠡᠯᠰᠡᠵᠦ ᠪᠤᠢ᠃
ᠲᠠᠨ᠎ᠤ ᠲᠤᠰᠠ᠎ᠳᠤ
✦ ᠥᠩᠭᠡᠲᠦ ᠯᠠᠵᠤᠤ᠂ ᠲᠥᠪᠡᠳ ᠬᠠᠰᠢ᠂ ᠬᠠᠰᠢ᠂ ᠥᠷᠭᠡᠰᠦᠲᠦ ᠬᠡᠮᠬᠡ ᠵᠡᠷᠭᠡ ᠢᠳᠡᠭᠡᠨ᠎ᠤ ᠤᠰᠤᠨ᠎ᠤ ᠠᠭᠤᠯᠤᠭᠳᠠᠴᠠ ᠥᠨᠳᠥᠷ᠂ ᠢᠯᠴᠢ᠎ᠶᠢᠨ ᠬᠡᠮᠵᠢᠶ᠎ᠡ ᠮᠠᠰᠢ ᠳᠣᠣᠷ᠎ᠠ ᠪᠠᠢᠵᠤ᠂ ᠮᠠᠷᠢᠶᠠᠯᠠᠬᠤ᠎ᠡᠴᠡ ᠰᠡᠷᠭᠡᠢᠯᠡᠵᠤ᠂ ᠴᠢᠰᠤᠨ ᠰᠢᠬᠢᠷ ᠪᠠ ᠴᠢᠰᠤᠨ ᠥᠭᠡᠬᠦ᠎ᠶᠢ ᠬᠢᠵᠠᠭᠠᠷᠯᠠᠵᠤ᠂ ᠴᠢᠰᠤᠨ ᠳᠠᠷᠤᠯᠲᠠ᠎ᠶᠢ ᠪᠠᠭᠤᠷᠠᠭᠤᠯᠬᠤ᠎ᠳᠤ ᠠᠰᠢᠭ᠍ᠲᠠᠢ᠃ ᠡᠢᠮᠦ᠎ᠡᠴᠡ ᠪᠡᠶ᠎ᠡ᠎ᠶᠢᠨ ᠬᠦᠨᠳᠦ᠎ᠪᠡᠨ ᠬᠢᠵᠠᠭᠠᠷᠯᠠᠬᠤ ᠴᠢᠬᠤᠯᠠᠲᠠᠢ᠂ ᠴᠢᠰᠤᠨ ᠳᠠᠷᠤᠯᠲᠠ ᠥᠨᠳᠥᠷ ᠬᠥᠮᠥᠰ ᠡᠳᠦᠷ ᠪᠦᠷᠢ 100 - 200 ᠭᠷᠡᠮ ᠢᠳᠡᠪᠡᠯ ᠵᠣᠬᠢᠨ᠎ᠠ᠃
ᠵᠠᠯᠭᠠᠭᠠᠳ 《ᠰᠠᠢᠬᠠᠨ》 ᠬᠡᠬᠦ ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ ᠬᠦᠯᠢᠶᠡᠨ ᠠᠪᠴᠤ᠌ ᠰᠤᠨᠤᠰᠤᠬ᠍ᠰᠠᠨ᠎ᠳᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)
-
ᠨᠠᠢᠷᠠᠭᠤᠯᠤᠭ᠍ᠴᠢ᠄
ᠭᠢᠯᠪᠡᠬᠡᠨ
-
ᠨᠡᠪᠲᠡᠷᠡᠭᠦᠯᠦᠭᠴᠢ᠄
ᠭᠢᠯᠪᠡᠬᠡᠨ
-
ᠮᠡᠷᠭᠡᠵᠢᠯ᠄
ᠬᠠᠢ ᠯᠢ ᠶᠠᠨ
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃